ᠪᠥᠬᠦ ᠣᠷᠣᠨ ᠤ 2025 ᠣᠨ ᠤ ᠪᠥᠬᠦ ᠤᠯᠤᠰ ᠤᠨ ᠬᠥᠮᠥᠨ ᠠᠮᠠ ᠠᠴᠠ 1% ᠪᠠᠷ ᠥᠯᠢᠭᠡᠷ ᠰᠣᠩᠭᠤᠵᠤ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/4/18
        ᠪᠥᠬᠦ ᠣᠷᠣᠨ ᠤ 2025 ᠣᠨ ᠤ ᠪᠥᠬᠦ ᠤᠯᠤᠰ ᠤᠨ ᠬᠥᠮᠥᠨ ᠠᠮᠠ ᠠᠴᠠ 1% ᠪᠠᠷ        ᠥᠯᠢᠭᠡᠷ ᠰᠣᠩᠭᠤᠵᠤ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄       ︽2025 ᠣᠨ ᠤ ᠪᠥᠬᠦ ᠤᠯᠤᠰ ᠤᠨ ᠬᠥᠮᠥᠨ ᠠᠮᠠ ᠠᠴᠠ 1% ᠪᠠᠷ ᠥᠯᠢᠭᠡᠷ ᠰᠣᠩᠭᠤᠵᠤ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2024﹈ 71 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠨ᠂ ᠪᠥᠬᠦ ᠣᠷᠣᠨ ᠤ 2025 ᠣᠨ ᠤ ᠪᠥᠬᠦ ᠤᠯᠤᠰ ᠤᠨ ᠬᠥᠮᠥᠨ ᠠᠮᠠ ᠠᠴᠠ 1% ᠪᠠᠷ ᠥᠯᠢᠭᠡᠷ ᠰᠣᠩᠭᠤᠵᠤ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃       ᠨᠢᠭᠡ᠂ ᠪᠠᠶᠢᠴᠠᠭᠠᠯᠲᠠ ᠶᠢᠨ ᠵᠣᠷᠢᠯᠭ᠎ᠠ       ᠪᠦᠬᠦ ᠣᠷᠣᠨ ᠤ 2025 ᠣᠨ ᠤ ᠪᠦᠬᠦ ᠤᠯᠤᠰ ᠤᠨ ᠬᠥᠮᠥᠨ ᠠᠮᠠ ᠠᠴᠠ 1% ᠪᠠᠷ ᠦᠯᠢᠭᠡᠷ ᠰᠣᠩᠭᠤᠵᠤ ᠪᠠᠶᠢᠴᠠᠭᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ 2020 ᠣᠨ ᠠᠴᠠ ᠨᠠᠭᠠᠰᠢᠬᠢ ᠪᠥᠬᠦ ᠣᠷᠣᠨ ᠤ ᠬᠥᠮᠥᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠵᠢᠴᠢ ᠣᠷᠣᠨ ᠰᠠᠭᠤᠴᠠ ᠵᠡᠷᠭᠡ ᠲᠠᠯ᠎ᠠ ᠶᠢᠨ ᠬᠤᠪᠢᠷᠠᠯᠲᠠ ᠶᠢᠨ ᠪᠠᠶᠢᠳᠠᠯ ᠢ ᠪᠠᠶᠢᠴᠠᠭᠠᠨ ᠲᠣᠳᠣᠯᠠᠵᠤ᠂ ᠪᠥᠬᠦ ᠣᠷᠣᠨ ᠤ ᠬᠥᠮᠥᠨ ᠠᠮᠠ ᠶᠢᠨ ᠬᠥᠭᠵᠢᠯᠲᠡ ᠶᠢᠨ ᠪᠠᠶᠢᠳᠠᠯ ᠢ ᠪᠤᠰᠤᠳᠴᠢ ᠪᠠᠷ ᠲᠤᠰᠬᠠᠨ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠰᠢᠨ᠎ᠡ ᠴᠠᠭ ᠦᠶ᠎ᠡ ᠶᠢᠨ ᠬᠥᠮᠥᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠥᠪᠥᠷ ᠮᠣᠩᠭᠤᠯ ᠤᠨ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃       ᠬᠤᠶᠠᠷ᠂ ᠪᠠᠶᠢᠴᠠᠭᠠᠭᠳᠠᠬᠤ ᠡᠲᠡᠭᠡᠳ ᠪᠠ ᠬᠦᠷᠢᠶ᠎ᠡ ᠬᠡᠪᠴᠢᠶ᠎ᠡ       ᠪᠠᠶᠢᠴᠠᠭᠠᠭᠳᠠᠬᠤ ᠡᠲᠡᠭᠡᠳ ᠨᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷᠠᠬᠢ ᠰᠤᠭᠤᠴᠢᠨ ᠰᠣᠩᠭᠤᠭᠳᠠᠭᠰᠠᠨ ᠰᠠᠭᠤᠭᠠᠯᠢ ᠡᠷᠦᠬᠡ ᠶᠢᠨ ᠪᠥᠬᠦ ᠬᠥᠮᠥᠨ ᠠᠮᠠ ᠪᠣᠯᠣᠨ᠎ᠠ᠂ ᠪᠥᠬᠦ ᠣᠷᠣᠨ ᠠᠴᠠ ᠨᠡᠶᠢᠲᠡ 15 ᠲᠦᠮᠡᠨ ᠰᠠᠭᠤᠭᠠᠯᠢ ᠡᠷᠦᠬᠡ᠂ 35 ᠲᠦᠮᠡᠨ ᠬᠥᠮᠥᠨ ᠢ ᠰᠤᠭᠤᠴᠢᠨ ᠪᠠᠶᠢᠴᠠᠭᠠᠨ᠎ᠠ᠃       ᠭᠤᠷᠪᠠ᠂ ᠪᠠᠶᠢᠴᠠᠭᠠᠬᠤ ᠠᠭᠤᠯᠭ᠎ᠠ ᠪᠠ ᠴᠠᠭ       ᠪᠠᠶᠢᠴᠠᠭᠠᠬᠤ ᠠᠭᠤᠯᠭ᠎ᠠ ᠨᠢ ᠬᠥᠮᠥᠨ ᠠᠮᠠ ᠪᠠ ᠰᠠᠭᠤᠭᠠᠯᠢ ᠡᠷᠦᠬᠡ ᠶᠢᠨ ᠦᠨᠳᠦᠰᠦᠨ ᠪᠠᠶᠢᠳᠠᠯ ᠪᠠᠶᠢᠵᠤ᠂ ᠡᠭᠦᠨ ᠳᠤ ᠭᠤᠣᠯᠳᠠᠭᠤ ᠣᠪᠣᠭ ᠨᠡᠷ᠎ᠡ᠂ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂ ᠬᠦᠢᠰᠦ᠂ ᠨᠠᠰᠤ ᠵᠢᠯ᠂ ᠦᠨᠳᠦᠰᠦᠲᠡᠨ ᠤᠭᠰᠠᠭ᠎ᠠ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ ᠠᠵᠢᠯ ᠲᠥᠷᠥᠯ᠂ ᠡᠷᠬᠢᠯᠡᠭᠰᠡᠨ ᠠᠵᠢᠯ᠂ ᠨᠡᠭᠦᠵᠦ ᠰᠢᠯᠵᠢᠭᠰᠡᠨ ᠪᠠᠶᠢᠳᠠᠯ᠂ ᠣᠷᠤᠭ᠂ ᠲᠥᠷᠥᠵᠦ ᠬᠥᠩᠭᠡᠵᠢᠭᠰᠡᠨ᠂ ᠨᠠᠰᠤ ᠪᠠᠷᠠᠭᠰᠠᠨ᠂ ᠣᠷᠣᠨ ᠰᠠᠭᠤᠴᠠ ᠶᠢᠨ ᠪᠠᠶᠢᠳᠠᠯ ᠵᠡᠷᠭᠡ ᠪᠠᠭᠲᠠᠨ᠎ᠠ᠃       ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2025 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠪᠣᠯᠣᠨ᠎ᠠ᠃       ᠳᠥᠷᠪᠡ᠂ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ       ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ︽ᠪᠥᠬᠦ ᠤᠯᠤᠰ ᠢᠶᠠᠷ ᠢᠶᠠᠨ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ︾ ᠵᠠᠷᠴᠢᠮ ᠶᠣᠰᠣᠭᠠᠷ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠪᠠᠶᠢᠴᠠᠭᠠᠵᠤ᠂ ᠮᠠᠨ ᠤ ᠣᠷᠣᠨ ᠤ 2025 ᠣᠨ ᠤ ᠪᠥᠬᠦ ᠤᠯᠤᠰ ᠤᠨ ᠬᠥᠮᠥᠨ ᠠᠮᠠ ᠠᠴᠠ 1% ᠪᠠᠷ ᠥᠯᠢᠭᠡᠷ ᠰᠣᠩᠭᠤᠵᠤ ᠪᠠᠶᠢᠴᠠᠭᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃       ᠥᠪᠡᠷᠲᠡᠭᠡᠨ ᠵᠠᠰᠠᠬᠤ ᠣᠷᠣᠨ ᠤ 2025 ᠣᠨ ᠤ ᠪᠥᠬᠦ ᠤᠯᠤᠰ ᠤᠨ ᠬᠥᠮᠥᠨ ᠠᠮᠠ ᠠᠴᠠ 1% ᠪᠠᠷ ᠥᠯᠢᠭᠡᠷ ᠰᠣᠩᠭᠤᠵᠤ ᠪᠠᠶᠢᠴᠠᠭᠠᠬᠤ ᠠᠵᠢᠯ ᠤᠨ ᠵᠣᠬᠢᠴᠠᠭᠤᠯᠬᠤ ᠳᠤᠭᠤᠶᠢᠯᠠᠩ ︵ᠳᠣᠷᠣᠭᠰᠢ ᠵᠣᠬᠢᠴᠠᠭᠤᠯᠬᠤ ᠳᠤᠭᠤᠶᠢᠯᠠᠩ ᠭᠡᠵᠦ ᠲᠣᠪᠴᠢᠯᠠᠨ᠎ᠠ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠣᠨ᠎ᠠ︶ ᠠᠴᠠ ᠪᠥᠬᠦ ᠣᠷᠣᠨ ᠤ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠪᠠᠶᠢᠴᠠᠭᠠᠯᠲᠠ ᠶᠢᠨ ᠠᠵᠢᠯ ᠤᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠨ᠎ᠡ᠃ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠲᠣᠬᠢᠷᠠᠭᠤᠯᠤᠨ᠎ᠠ︶ ᠨᠢ ᠲᠦᠷᠦᠭᠦᠯᠡᠨ ᠬᠠᠷᠢᠭᠤᠴᠠᠵᠤ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠵᠣᠬᠢᠴᠠᠭᠤᠯᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠢᠮᠳᠠᠭᠤᠯᠬᠤ ᠬᠡᠷᠡᠭᠲᠡᠢ᠃ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠤᠷᠰᠢᠨ ᠠᠵᠢᠯᠯᠠᠵᠤ᠂ ᠨᠢᠭᠲᠠ ᠬᠠᠮᠵᠢᠯᠴᠠᠨ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠵᠦ᠂ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠠᠵᠢᠯ ᠵᠣᠬᠢᠴᠠᠭᠤᠯᠬᠤ ᠵᠣᠬᠢᠬᠤ ᠪᠠᠶᠢᠭᠤᠯᠤᠮᠵᠢ ᠶᠢ ᠪᠠᠶᠢᠭᠤᠯᠵᠤ᠂ ᠲᠣᠰ ᠭᠠᠵᠠᠷ ᠣᠷᠣᠨ ᠤ ᠪᠠᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠢ᠃ ︽ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠳᠤ ᠬᠢᠨᠠᠮᠠᠭᠠᠢ ᠬᠠᠮᠵᠢᠯᠴᠠᠭᠤᠯᠬᠤ ᠬᠡᠷᠡᠭᠲᠡᠢ᠃       ᠡᠯ᠎ᠡ ᠱᠠᠲᠤᠨ ᠤ ᠪᠠᠶᠢᠴᠠᠭᠠᠯᠲᠠ ᠶᠢᠨ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠥᠬᠦᠴᠡᠯ ᠳᠤ ᠨᠡᠶᠢᠴᠡᠬᠦ ᠪᠠᠶᠢᠴᠠᠭᠠᠯᠲᠠ ᠶᠢᠨ ᠠᠵᠢᠯᠲᠠᠨ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠢ ᠠᠴᠠ ᠵᠥᠪᠳᠡᠯᠴᠡᠨ ᠰᠢᠯᠵᠢᠭᠦᠯᠵᠦ ᠪᠣᠯᠣᠨ᠎ᠠ᠂ ᠤᠷᠢᠨ ᠬᠡᠷᠡᠭᠯᠡᠭᠰᠡᠨ ᠠᠵᠢᠯᠲᠠᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤ ᠨᠢ ᠣᠯᠭᠤᠵᠤ᠂ ᠵᠥᠪᠳᠡᠯᠴᠡᠨ ᠰᠢᠯᠵᠢᠭᠦᠯᠦᠭᠰᠡᠨ ᠠᠵᠢᠯᠲᠠᠨ ᠤ ᠤᠤᠯ ᠤᠨ ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠂ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ᠲᠠᠪᠤ᠂ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ      2025 ᠣᠨ ᠤ ᠪᠥᠬᠦ ᠤᠯᠤᠰ ᠤᠨ ᠬᠥᠮᠥᠨ ᠠᠮᠠ ᠠᠴᠠ 1% ᠪᠠᠷ ᠥᠯᠢᠭᠡᠷ ᠰᠣᠩᠭᠤᠵᠤ ᠪᠠᠶᠢᠴᠠᠭᠠᠬᠤ ᠳᠤ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠭᠦᠷᠭᠡᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠪᠠᠶᠢᠴᠠᠭᠠᠯᠲᠠ ᠶᠢᠨ ᠵᠠᠷᠤᠳᠠᠯ ᠢ ᠵᠣᠬᠢᠬᠤ ᠣᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠵᠤ᠂ ᠴᠠᠭ ᠲᠤᠬᠠᠢ ᠳᠤ ᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠢ ᠪᠠᠨ ᠰᠢᠮᠳᠠᠭᠤᠯᠵᠤ ᠪᠠᠶᠢᠭᠠᠳ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ᠃ ᠪᠠᠶᠢᠴᠠᠭᠠᠯᠲᠠ ᠶᠢᠨ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠰᠠᠶᠢᠲᠤᠷ ᠠᠷᠪᠢᠯᠠᠨ ᠭᠠᠮᠨᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠂ ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃       ᠵᠢᠷᠭᠤᠭ᠎ᠠ᠂ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ       ︵ᠨᠢᠭᠡ︶ ᠬᠠᠤᠯᠢ ᠶᠣᠰᠣᠭᠠᠷ ᠪᠠᠶᠢᠴᠠᠭᠠᠯᠲᠠ ᠬᠢᠬᠦ ᠶᠢ ᠪᠠᠷᠢᠮᠲᠠᠯᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠠᠤᠯᠢ ᠶᠣᠰᠣᠭᠠᠷ ᠪᠠᠶᠢᠴᠠᠭᠠᠯᠲᠠ ᠶᠢᠨ ᠠᠵᠢᠯ ᠢᠶᠠᠨ ᠥᠷᠨᠢᠭᠦᠯᠵᠦ᠂ ᠪᠠᠶᠢᠴᠠᠭᠠᠯᠲᠠ ᠶᠢᠨ ᠠᠵᠢᠯ ᠤᠨ ᠶᠠᠪᠤᠴᠠ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠨᠡᠪᠲᠡᠷᠡᠭᠦᠯᠦᠨ ᠮᠡᠳᠡᠭᠡᠯᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠯᠲᠠ ᠶᠢᠨ ᠠᠵᠢᠯ ᠢ ᠵᠣᠷᠢᠭᠤᠳᠠ ᠬᠠᠷᠰᠢᠯᠠᠬᠤ ᠦᠵᠡᠭᠳᠡᠯ ᠢ ᠡᠷᠡᠰ ᠬᠤᠷᠢᠭᠯᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠦᠨᠡᠨ ᠬᠦ ᠰᠡᠷᠭᠡᠶᠢᠯᠡᠬᠦ ᠪᠠ ᠵᠠᠯᠬᠠᠭᠠᠨ ᠰᠢᠢᠳᠬᠡᠵᠦ᠂ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠴᠢᠩᠭ᠎ᠠ ᠭᠦᠢᠴᠡᠳᠬᠡᠵᠦ᠂ ᠶᠠᠮᠠᠷᠪᠠ ᠪᠠᠶᠢᠭᠤᠯᠤᠮᠵᠢ᠂ ᠨᠢᠭᠡᠴᠢ᠂ ᠬᠤᠪᠢ ᠬᠥᠮᠥᠨ ᠳᠤ ᠪᠠᠶᠢᠴᠠᠭᠠᠭᠳᠠᠬᠤ ᠡᠲᠡᠭᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃       ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠪᠠᠶᠢᠴᠠᠭᠠᠯᠲᠠ ᠶᠢᠨ ᠳ᠋ᠠᠶᠢᠲ᠋ᠠ ᠶᠢᠨ ᠶᠠᠰᠤ ᠴᠢᠨᠠᠷ ᠢ ᠮᠦᠷᠳᠡᠨ ᠤᠬᠤᠴᠢᠯᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠪᠠᠶᠢᠴᠠᠭᠠᠯᠲᠠ ᠶᠢᠨ ᠠᠵᠢᠯ ᠢ ᠪᠠᠶᠢᠴᠠᠭᠠᠬᠤ ᠪᠠ ᠳ᠋ᠠᠶᠢᠲ᠋ᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠪᠥᠬᠦ ᠶᠠᠪᠤᠴᠠ ᠳᠠᠬᠢ ᠳ᠋ᠠᠶᠢᠲ᠋ᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠷᠠᠭᠤᠯᠤᠨ᠂ ᠪᠠᠶᠢᠴᠠᠭᠠᠯᠲᠠ ᠶᠢᠨ ᠳ᠋ᠠᠶᠢᠲ᠋ᠠ ᠶᠢᠨ ᠦᠨᠡᠨ ᠪᠣᠳᠠᠲᠠᠢ ᠮᠥᠷᠲᠡᠭᠡᠨ ᠣᠨᠣᠪᠴᠢᠲᠠᠶ᠂ ᠪᠦᠷᠢᠨ ᠪᠦᠲᠦᠨ ᠮᠥᠷᠲᠡᠭᠡᠨ ᠢᠲᠡᠭᠡᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃       ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠪᠠᠶᠢᠴᠠᠭᠠᠯᠲᠠ ᠶᠢᠨ ᠪᠠᠶᠢᠭᠤᠯᠤᠮᠵᠢ ᠨᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠪᠠ ᠲᠣᠣᠷ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂ ᠪᠠᠶᠢᠴᠠᠭᠠᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠪᠠ ᠱᠠᠭᠠᠷᠳᠠᠯᠭ᠎ᠠ ᠶᠢ ᠥᠷᠭᠡᠨ ᠳᠡᠯᠭᠡᠷ ᠢᠶᠠᠷ ᠭᠦᠨᠵᠡᠭᠡᠢ ᠤᠬᠠᠭᠤᠯᠵᠤ᠂ ᠥᠷᠭᠡᠨ ᠣᠯᠠᠨ ᠪᠠᠶᠢᠴᠠᠭᠠᠭᠳᠠᠬᠤ ᠡᠲᠡᠭᠡᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠪᠠᠶᠢᠴᠠᠭᠠᠯᠲᠠ ᠳᠤ ᠬᠠᠮᠵᠢᠯᠴᠠᠭᠤᠯᠤᠨ᠂ ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ ᠮᠥᠨ ᠢᠶᠠᠷ ᠮᠡᠳᠡᠭᠦᠯᠵᠦ᠂ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃       ︵ᠳᠥᠷᠪᠡ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠪᠠᠶᠢᠴᠠᠭᠠᠯᠲᠠ ᠶᠢᠨ ᠪᠠᠶᠢᠭᠤᠯᠤᠮᠵᠢ ᠨᠢ ᠱᠠᠭᠠᠷᠳᠠᠯᠭ᠎ᠠ ᠶᠣᠰᠣᠭᠠᠷ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤ ᠨᠢ ᠨᠡᠶᠢᠲᠡᠯᠡᠵᠦ᠂ ᠪᠠᠶᠢᠴᠠᠭᠠᠯᠲᠠ ᠶᠢᠨ ᠳ᠋ᠠᠶᠢᠲ᠋ᠠ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠵᠤ᠂ ᠪᠥᠬᠦ ᠣᠷᠣᠨ ᠤ ᠬᠥᠮᠥᠨ ᠠᠮᠠ ᠶᠢᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠵᠤ᠂ ᠪᠥᠬᠦ ᠣᠷᠣᠨ ᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠥᠪᠯᠡᠭᠴᠢ ᠪᠣᠯᠬᠤ ᠪᠠ ᠵᠠᠰᠠᠭ ᠲᠤ ᠲᠤᠰᠠᠯᠠᠬᠤ ᠦᠢᠯᠡᠳᠦᠯ ᠢ ᠨᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号