3 ᠰᠠᠷ᠎ᠠ ᠶᠢᠨ 27 ᠤ ᠡᠳᠦᠷ᠂ ᠬᠤᠷᠢᠨᠭᠡᠷ ᠪᠠᠯᠭᠠᠰᠤ ᠲᠥᠬᠦᠭᠡᠷᠦᠮᠵᠢᠲᠦ ᠲᠠᠷᠢᠶᠠᠯᠠᠩ ᠢ ᠲᠠᠰ ᠳᠡᠪᠰᠢᠭᠦᠯᠬᠦ | ᠥᠭᠡᠷᠡᠴᠢᠯᠡᠯᠲᠡ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠬᠥᠯᠥᠨ ᠡᠷᠭᠢᠯᠡᠬᠦ ᠶᠢᠨ ᠬᠠᠮᠲᠤ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ | ᠵᠢᠷᠭᠤᠳᠤᠭᠠᠷ ᠲᠣᠪᠴᠢᠶᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠢ ᠣᠨᠴᠠᠭᠠᠶᠢᠯᠠᠨ ᠤᠷᠢᠵᠤ ᠬᠤᠷᠠᠯ ᠳᠤ | ᠣᠷᠣᠯᠴᠠᠭᠤᠯᠤᠨ ᠵᠢᠯᠣᠭᠤᠳᠣᠭᠤᠯᠵᠤ᠂ ᠳᠡᠳ᠋ ᠪᠠᠯᠭᠠᠰᠤᠨ ᠤ ᠳᠠᠷᠤᠭ᠎ᠠ ᠵᠢᠶ ᠰᠢᠤᠢ ᠵᠢᠶᠦ᠋ᠨ ᠵᠢᠴᠢ ᠵᠠᠰᠠᠭ | ᠵᠠᠬᠢᠷᠭᠠᠨ ᠤ ᠭᠠᠴᠠᠭ᠎ᠠ ᠲᠣᠰᠬᠤᠨ ᠤ ᠱᠦᠵᠢ ᠬᠤᠷᠠᠯ ᠳᠤ ᠣᠷᠣᠯᠴᠠᠵᠠᠶ᠃ | | | | ᠬᠤᠷᠠᠯ ᠳᠡᠭᠡᠷ᠎ᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠭᠤᠸᠠᠨ ᠰᠠᠯᠠᠭᠠᠨ | ᠳᠠᠷᠤᠭ᠎ᠠ ᠲᠥᠬᠦᠭᠡᠷᠦᠮᠵᠢᠲᠦ ᠲᠠᠷᠢᠶᠠᠯᠠᠩ ᠢ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠳᠤ ᠨᠠᠷᠢᠨ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠳᠤ ᠭᠦᠨᠵᠡᠭᠡᠶ | ᠵᠠᠳᠠᠯᠤᠯᠲᠠ ᠬᠢᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠬᠦ ᠴᠢᠭᠯᠡᠯ᠂ ᠨᠥᠬᠦᠪᠥᠷᠢ ᠶᠢᠨ ᠪᠠᠷᠢᠮᠵᠢᠶ᠎ᠠ | ᠪᠠ ᠭᠤᠶᠤᠴᠢᠯᠠᠨ ᠮᠡᠳᠡᠭᠦᠯᠬᠦ ᠶᠠᠪᠤᠴᠠ ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠡᠯ᠎ᠡ ᠲᠣᠰᠬᠤᠨ ᠤ ᠱᠦᠵᠢ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠷᠭᠤᠳᠤᠭᠠᠷ ᠲᠣᠪᠴᠢᠶ᠎ᠠ ᠲᠠᠢ ᠬᠠᠮᠵᠢᠯᠴᠠᠭᠠᠨ ᠤ ᠬᠡᠪ | ᠵᠠᠭᠪᠤᠷ᠂ ᠲᠥᠷᠥᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠵᠢᠴᠢ ᠬᠤᠶᠢᠰᠢᠳᠠ ᠶᠢᠨ ᠠᠵᠢᠯ ᠤᠨ | ᠲᠣᠬᠢᠷᠠᠭᠤᠯᠤᠯᠲᠠ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠵᠠᠶ᠃ | ᠪᠠᠯᠭᠠᠰᠤᠨ ᠤ ᠳᠠᠷᠤᠭ᠎ᠠ ᠴᠢᠬᠤᠯᠠᠴᠢᠯᠠᠭᠰᠠᠨ ᠨᠢ᠂ ᠨᠢᠭᠡ ᠳᠤ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ | ᠰᠠᠶᠢᠲᠤᠷ ᠠᠳᠬᠤᠬᠤ ᠬᠡᠷᠡᠭᠲᠡᠶ᠃ ᠪᠠᠷᠢᠯᠭ᠎ᠠ ᠪᠠᠷᠢᠬᠤ ᠨᠢᠭᠡᠴᠡ ᠨᠢ ᠥᠨᠳᠥᠷ ᠪᠠᠷᠢᠮᠵᠢᠶ᠎ᠠ ᠶᠣᠰᠣᠭᠠᠷ ᠵᠢᠷᠤᠭᠯᠠᠨ | ᠲᠥᠯᠥᠪᠯᠡᠵᠦ᠂ ᠵᠢᠷᠤᠭᠯᠠᠨ ᠲᠥᠯᠥᠪᠯᠡᠬᠦ ᠲᠥᠰᠦᠯ ᠢᠶᠠᠨ ᠳᠠᠷᠦ᠋ᠢᠬᠠᠨ ᠳᠤᠷᠠᠳᠴᠤ᠂ ᠪᠠᠷᠢᠯᠭ᠎ᠠ ᠪᠠᠷᠢᠬᠤ | ᠪᠠᠷᠢᠮᠵᠢᠶ᠎ᠠ ᠪᠠᠨ ᠲᠣᠳᠣᠷᠬᠠᠶᠢᠯᠠᠬᠤ ᠬᠡᠷᠡᠭᠲᠡᠶ᠃ ᠬᠤᠶᠠᠷ ᠲᠤ᠂ ᠪᠡᠯᠡ ᠮᠥᠩᠭᠦᠨ ᠤ ᠪᠠᠲᠤᠯᠠᠪᠤᠷᠢ ᠶᠢᠨ ᠪᠣᠭᠤᠮᠲᠠ ᠶᠢ | ᠰᠠᠶᠢᠲᠤᠷ ᠠᠳᠬᠤᠬᠤ ᠬᠡᠷᠡᠭᠲᠡᠢ᠃ ᠪᠠᠷᠢᠯᠭ᠎ᠠ ᠪᠠᠷᠢᠬᠤ ᠨᠢᠭᠡᠴᠡ ᠨᠦᠭᠦᠳ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠡᠯᠡ ᠮᠥᠩᠭᠦ ᠶᠢᠨ | ᠠᠰᠠᠭᠤᠳᠠᠯ ᠠᠴᠠ ᠪᠣᠯᠵᠤ ᠪᠦᠬᠦᠯᠢ ᠴᠣᠭᠴᠠ ᠶᠢᠨ ᠪᠠᠷᠢᠯᠭ᠎ᠠ ᠵᠢᠴᠢ ᠨᠠᠵᠠᠭᠠᠶ ᠶᠠᠷᠢᠶ᠎ᠠ ᠬᠡᠯᠡᠯᠴᠡᠭᠡᠨ ᠤ ᠪᠠᠶᠢᠳᠠᠯ ᠢ | ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ᠭᠤᠷᠪᠠ ᠳᠤ᠂ ᠨᠡᠪᠲᠡᠷᠡᠯᠴᠡᠨ ᠬᠠᠮᠵᠢᠯᠴᠠᠬᠤ ᠠᠵᠢᠯ ᠢ ᠰᠠᠶᠢᠲᠤᠷ ᠬᠢᠬᠦ | ᠬᠡᠷᠡᠭᠲᠡᠢ᠃ ᠪᠠᠯᠭᠠᠰᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ | ᠲᠣᠰᠬᠤᠨ ᠤ ᠱᠦᠵᠢ ᠲᠥᠷᠥᠯ ᠵᠦᠢᠯ ᠤᠨ ᠬᠠᠮᠲᠤᠷᠠᠯᠴᠠᠭᠠᠨ ᠤ ᠠᠬᠢᠴᠠ ᠶᠢ ᠴᠠᠭ ᠲᠤᠬᠠᠶ ᠳᠤ ᠨᠢ ᠵᠣᠯᠭᠠᠭᠤᠯᠵᠤ᠂ | ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠶ ᠳᠤ ᠨᠢ ᠨᠡᠪᠲᠡᠷᠡᠯᠴᠡᠨ ᠨᠠᠮᠳᠠᠭᠤᠯᠵᠤ᠂ ᠬᠠᠮᠵᠢᠯᠴᠠᠨ | ᠠᠵᠢᠯᠯᠠᠬᠤ ᠶᠢ ᠰᠠᠶᠢᠲᠤᠷ ᠬᠢᠵᠦ᠂ ᠲᠥᠷᠥᠯ ᠵᠦᠢᠯ ᠤᠨ ᠠᠯᠢ ᠲᠦᠷᠭᠡᠨ ᠢᠶᠠᠷ ᠠᠵᠢᠯ ᠢᠶᠠᠨ ᠡᠬᠢᠯᠡᠭᠦᠯᠬᠦ ᠶᠢ ᠪᠠᠲᠤᠯᠠᠬᠤ | ᠬᠡᠷᠡᠭᠲᠡᠶ᠃ | ᠲᠠᠷᠠᠭᠠᠴᠢ ᠪᠠᠷ᠂ ᠮᠠᠨ ᠤ ᠪᠠᠯᠭᠠᠰᠤ ᠲᠦᠬᠦᠬᠡᠷᠤᠮᠵᠢᠳᠤ ᠲᠠᠷᠢᠶᠠᠯᠠᠩ ᠢ ᠥᠭᠡᠷᠡᠴᠢᠯᠡᠨ ᠲᠠᠰ ᠳᠡᠪᠰᠢᠭᠦᠯᠬᠦ ᠶᠢ | ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠨ ᠨᠢᠭᠡ ᠴᠤᠭᠴᠠᠵᠢᠭᠤᠯᠤᠨ ᠠᠬᠢᠭᠤᠯᠵᠤ᠂ ᠶᠠᠰᠤ ᠴᠢᠨᠠᠷ ᠤᠨ | ᠪᠣᠭᠤᠮᠲᠠ᠂ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠨᠠᠩ ᠯᠠᠪᠳᠠᠭᠤᠨ ᠪᠠᠲᠤᠲᠠᠶ ᠠᠵᠢᠯ᠂ ᠨᠠᠩ | ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠪᠠᠷ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠥᠬᠦ ᠶᠠᠪᠤᠴᠠ ᠶᠢᠨ ᠬᠠᠮᠢᠶᠠᠷᠤᠯᠲᠠ | ᠦᠢᠯᠡᠴᠢᠯᠡᠭᠡ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠲᠦᠬᠦᠭᠡᠷᠤᠮᠵᠢᠳᠤ ᠲᠠᠷᠢᠶᠠᠯᠠᠩ ᠤᠨ | ᠲᠦᠷᠭᠡᠨ ᠬᠥᠭᠵᠢᠯᠲᠡ ᠶᠢ ᠪᠥᠬᠦ ᠬᠦᠴᠦᠨ ᠢᠶᠠᠷ ᠳᠥᠯᠭᠢᠨ ᠠᠬᠢᠭᠤᠯᠤᠨ᠎ᠠ᠃ | | | | | | |