ᠬᠤᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠨᠳᠡᠯᠡᠨ ᠭᠤᠯᠳᠤ ᠵᠡᠭᠡᠯᠢ ᠶᠢᠨ | ᠡᠷᠬᠢᠨ ᠲᠣᠭᠤᠷᠢᠨ ᠤ ᠭᠤᠤᠯᠳᠠᠯᠭ᠎ᠠ ᠲᠠᠢ ᠵᠠᠮ ᠤᠨ ᠬᠡᠰᠡᠭ ᠤᠨ ᠨᠡᠭᠦᠳᠡᠯ ᠳᠡᠯᠭᠡᠭᠡ ᠮᠠᠶᠢᠮᠠᠶ ᠶᠢᠨ ᠵᠠᠮ ᠡᠵᠡᠯᠡᠨ | ᠡᠵᠡᠩᠨᠡᠯᠲᠡ ᠬᠢᠭᠰᠡᠨ ᠠᠴᠠ ᠪᠣᠯᠤᠭᠰᠠᠨ ᠵᠠᠮ ᠬᠠᠷᠢᠯᠴᠠᠭᠠᠨ ᠤ ᠲᠦᠭᠵᠢᠷᠡᠯ᠂ ᠬᠤᠲᠠ ᠶᠢᠨ ᠦᠵᠡᠮᠵᠢ ᠣᠷᠴᠢᠨ ᠵᠡᠷᠭᠡ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 2025 ᠣᠨ ᠤ 4 ᠰᠠᠷ᠎ᠠ ᠶᠢᠨ 1 ᠤ | ᠡᠳᠦᠷ ᠠᠴᠠ ᠡᠬᠢᠯᠡᠨ᠂ 13 ᠡᠳᠦᠷ ᠤᠨ ᠬᠤᠭᠤᠴᠠᠭ᠎ᠠ ᠲᠠᠢ ᠨᠡᠭᠦᠳᠡᠯ ᠳᠡᠯᠭᠡᠭᠡ ᠮᠠᠶᠢᠮᠠᠶ ᠶᠢᠨ ᠴᠡᠭ ᠤᠨ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠦᠨ᠎ᠡ᠃ ᠲᠣᠰ ᠤᠳᠠᠭᠠᠨ ᠤ ᠠᠵᠢᠯᠯᠠᠭ᠎ᠠ ᠨᠢ《ᠰᠢᠯᠤᠭᠤᠳᠬᠠᠬᠤ ᠪᠠ | ᠬᠤᠷᠢᠭᠯᠠᠬᠤ ᠶᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ 》 ᠪᠠᠷ | ᠵᠠᠷᠴᠢᠮ ᠪᠣᠯᠭᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶᠠᠷᠤᠯᠲᠠ ᠶᠢᠨ ᠵᠠᠭᠪᠤᠷ ᠤᠨ | ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠠᠮᠤᠷ | ᠲᠦᠪᠰᠢᠨ ᠪᠥᠭᠡᠳ ᠰᠠᠭᠠᠳ ᠥᠬᠡᠶ᠂ ᠴᠡᠪᠡᠷ ᠲᠡᠭᠰᠢ ᠡᠮᠬᠢ ᠵᠢᠷᠤᠮ ᠲᠠᠢ ᠬᠤᠲᠠ ᠶᠢᠨ ᠣᠷᠴᠢᠨ ᠲᠤᠭᠤᠷᠢᠨ ᠢ | ᠬᠦᠴᠦᠯᠡᠨ ᠪᠣᠶ ᠪᠤᠯᠭᠠᠨ᠎ᠠ᠃ | | | | ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠬᠦᠴᠦᠨ ᠢ | ᠣᠨᠣᠪᠴᠢᠲᠠᠶ ᠪᠠᠶᠢᠷᠢᠯᠠᠭᠤᠯᠤᠨ᠎ᠠ᠃ ᠬᠥᠨᠳᠡᠯᠡᠨ ᠭᠤᠯᠳᠤ ᠵᠡᠭᠡᠯᠢ ᠶᠢᠨ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ | ᠲᠣᠭᠤᠷᠢᠭ ᠨᠢᠭᠲᠠ᠂ ᠬᠥᠮᠦᠨ ᠪᠠ ᠲᠡᠷᠭᠡ ᠶᠢᠨ ᠴᠤᠪᠤᠷᠠᠯ ᠶᠡᠭᠡ ᠪᠠᠶᠢᠬᠤ ᠣᠨᠴᠠᠯᠢᠭ ᠲᠤ ᠴᠢᠭᠯᠡᠭᠦᠯᠦᠨ᠂ | ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠤᠰᠬᠠᠶ ᠴᠡᠭᠴᠡᠯᠡᠨ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ᠂ | ᠰᠢᠷ᠎ᠠ ᠨᠤᠷ᠎ᠠ᠂ ᠰᠢᠨ᠎ᠡ ᠬᠤᠲᠠ᠂ ᠪᠠᠶᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠳᠥᠷᠪᠡᠨ ᠬᠠᠤᠯᠢ | ᠬᠡᠷᠡᠭᠵᠢᠭᠦᠯᠬᠦ ᠠᠩᠭᠢ ᠶᠢᠨ ᠰᠢᠯᠢᠳᠡᠭ ᠬᠦᠴᠦᠨ ᠢ ᠡᠮᠬᠢᠯᠡᠨ ᠨᠡᠶᠢᠯᠡᠭᠦᠯᠵᠦ᠂ ᠡᠳᠦᠷ ᠪᠦᠷᠢ ᠬᠠᠤᠯᠢ ᠬᠡᠷᠡᠭᠵᠢᠭᠦᠯᠬᠦ | ᠠᠩᠭᠢ ᠶᠢᠨ ᠳᠠᠷᠤᠭ᠎ᠠ ᠵᠢᠴᠢ ᠱᠦᠵᠢ ᠪᠠᠷ ᠳᠠᠭᠠᠭᠤᠯᠤᠭᠤᠯᠵᠤ᠂《 16:00 - 22:00 》ᠣᠷᠭᠢᠯ ᠤᠨ | ᠦᠶ᠎ᠡ ᠳᠤ ᠡᠭᠡᠯᠵᠢᠯᠡᠨ ᠲᠣᠭᠤᠷᠢᠨ ᠪᠠᠶᠢᠴᠠᠭᠠᠬᠤ ᠲᠦᠷᠢᠮ ᠢ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠬᠦ ᠠᠵᠢᠯᠲᠠᠳ | ᠬᠤᠪᠴᠠᠰᠤ ᠬᠤᠨᠠᠷ ᠢᠶᠠᠨ ᠨᠢᠭᠡᠳᠦᠯᠲᠡᠶ ᠵᠢᠷᠤᠮᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠭᠦᠷ ᠢᠶᠠᠨ ᠪᠥᠬᠦ | ᠶᠠᠪᠤᠴᠠ ᠳᠤ ᠵᠡᠭᠦᠵᠦ᠂ ᠨᠡᠭᠦᠳᠡᠯ ᠵᠢᠵᠢᠭ ᠢᠳᠡᠭᠡᠨ ᠤ ᠲᠡᠷᠭᠡ᠂ ᠵᠠᠮ ᠡᠵᠡᠯᠡᠨ ᠡᠵᠡᠩᠨᠡᠬᠦ ᠳᠡᠯᠭᠡᠴᠡ ᠳᠤ ᠪᠥᠬᠦ | ᠵᠠᠮ ᠤᠨ ᠬᠡᠰᠡᠭ ᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ | ᠳᠡᠯᠭᠡᠭᠦᠷᠴᠢᠨ ᠢ ᠬᠠᠤᠯᠢ ᠶᠣᠰᠣᠭᠠᠷ ᠢᠳᠬᠠᠨ ᠵᠠᠶᠢᠯᠠᠭᠤᠯᠵᠤ᠂ ᠵᠠᠮ ᠡᠵᠡᠯᠡᠭᠰᠡᠨ ᠡᠳ᠋ ᠪᠣᠳᠠᠰ ᠢ ᠴᠠᠭ ᠲᠤᠬᠠᠶ ᠳᠤᠨᠢ | ᠴᠡᠪᠡᠷᠯᠡᠨ᠂ ᠵᠠᠮ ᠨᠡᠪᠲᠡᠷᠡᠯᠭᠡ ᠶᠢᠨ ᠰᠠᠭᠠᠳ ᠥᠬᠡᠶ᠂ ᠬᠤᠲᠠ ᠶᠢᠨ ᠳᠦᠷᠢ ᠲᠥᠷᠬᠦ ᠶᠢᠨ ᠴᠡᠪᠡᠷ ᠲᠡᠭᠰᠢ ᠪᠠᠶᠢᠬᠤ ᠶᠢ | ᠦᠨᠡᠨ ᠬᠦ ᠪᠠᠲᠤᠯᠠᠨ᠎ᠠ᠃ | | | | ᠣᠯᠠᠨ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠵᠦ᠂ ᠬᠠᠮᠲᠤ ᠪᠠᠷ ᠵᠠᠰᠠᠬᠤ ᠰᠢᠨ᠎ᠡ ᠪᠠᠶᠢᠷᠢᠰᠢᠯ ᠢ | ᠪᠠᠶᠢᠭᠤᠯᠤᠨ᠎ᠠ᠃ ᠲᠤᠰᠬᠠᠢ ᠠᠵᠢᠯᠯᠠᠭ᠎ᠠ ᠨᠢ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭᠠᠨ ᠤ | ᠰᠠᠯᠠᠭ᠎ᠠ ᠮᠥᠴᠢᠷ ᠲᠠᠢ ᠬᠠᠮᠲᠤᠷᠠᠨ《ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ + ᠠᠮᠤᠷ ᠢ | ᠬᠠᠮᠠᠭᠠᠯᠠᠬᠤ ᠪᠠᠲᠤᠯᠠᠭ᠎ᠠ + ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ》 ᠤᠨ ᠬᠠᠤᠯᠢ ᠬᠡᠷᠡᠭᠵᠢᠭᠦᠯᠬᠦ | ᠬᠠᠮᠲᠤᠷᠠᠭᠰᠠᠨ ᠳᠤᠭᠤᠶᠢᠯᠠᠩ ᠢ ᠪᠠᠢᠭᠤᠯᠵᠠᠢ᠃ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠬᠠᠤᠯᠢ | ᠬᠡᠷᠡᠭᠵᠢᠭᠦᠯᠬᠦ ᠡᠮᠬᠢ ᠵᠢᠷᠤᠮ ᠢ ᠬᠠᠮᠠᠭᠠᠯᠠᠵᠤ᠂ ᠴᠡᠭᠴᠡᠯᠡᠨ ᠵᠠᠰᠠᠬᠤ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ | ᠪᠠᠲᠤᠯᠠᠨ᠎ᠠ︔ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠵᠠᠮ ᠬᠠᠷᠢᠯᠴᠠᠭ᠎ᠠ ᠶᠢ ᠰᠢᠯᠤᠭᠤᠳᠬᠠᠨ | ᠵᠢᠯᠣᠭᠤᠳᠬᠤ ᠪᠠᠨ ᠴᠢᠩᠭᠠᠳᠬᠠᠵᠤ᠂ ᠳᠡᠯᠭᠡᠭᠡ ᠴᠡᠭ ᠵᠠᠮ ᠡᠵᠡᠯᠡᠭᠰᠡᠨ ᠠᠴᠠ ᠪᠣᠯᠤᠭᠰᠠᠨ ᠲᠡᠷᠭᠡ ᠬᠥᠰᠬᠡ ᠶᠢᠨ | ᠵᠣᠭᠰᠣᠭᠰᠠᠨ᠂ ᠵᠠᠮ ᠲᠦᠭᠵᠢᠷᠡᠭᠰᠡᠨ ᠠᠰᠠᠭᠤᠳᠠᠯ ᠢ ᠭᠤᠤᠯᠳᠠᠯᠭ᠎ᠠ ᠲᠠᠢ ᠵᠠᠰᠠᠨ᠎ᠠ᠃ ᠭᠤᠷᠪᠠᠨ ᠲᠠᠯ᠎ᠠ ᠪᠠᠷ ᠢᠶᠠᠨ | ᠬᠠᠮᠢᠶᠠᠷᠤᠯᠲᠠ ᠶᠢᠨ ᠪᠢᠲᠡᠭᠦᠮᠵᠢ ᠴᠠᠭᠠᠷᠢᠭ ᠢ ᠬᠠᠮᠵᠢᠯᠴᠠᠨ ᠪᠦᠷᠢᠯᠳᠦᠭᠦᠯᠵᠦ᠂ ᠬᠤᠳᠠ ᠶᠢᠨ ᠦᠵᠡᠮᠵᠢ ᠶᠢᠨ ᠡᠮᠬᠢ | ᠳᠢᠭᠯᠢᠮ ᠪᠣᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ《 ᠬᠤᠣᠰ ᠳᠡᠭᠡᠭᠰᠢᠯᠡᠯᠲᠡ 》 ᠶᠢ ᠪᠡᠶᠡᠯᠡᠭᠦᠯᠦᠨ᠎ᠡ᠃ | ᠬᠠᠤᠯᠢ ᠬᠡᠷᠡᠭᠵᠢᠭᠦᠯᠬᠦ ᠳᠤ ᠬᠠᠲᠠᠭᠤ ᠵᠥᠭᠡᠯᠡᠨ ᠢ ᠬᠠᠮᠲᠤᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ | ᠳᠤᠯᠠᠭᠠᠬᠠᠨ ᠪᠠᠶᠢᠯᠭᠠᠨ᠎ᠠ᠃ ᠴᠡᠭᠴᠡᠯᠡᠨ ᠵᠠᠰᠠᠬᠤ ᠠᠵᠢᠯᠯᠠᠭ᠎ᠠ ᠨᠢ ᠬᠠᠲᠠᠭᠤ ᠬᠢᠵᠠᠭᠠᠷᠯᠠᠯ ᠪᠠ ᠤᠶᠠᠨ ᠴᠢᠨᠠᠷᠲᠠᠶ ᠪᠠᠷ | ᠬᠥᠲᠥᠯᠦᠨ ᠵᠢᠯᠣᠭᠤᠳᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠎ᠠ᠃ ᠡᠮᠦᠨᠡᠬᠢ | ᠬᠤᠭᠤᠴᠠᠭᠠᠨ ᠳᠤ《ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠰᠠᠨᠠᠭᠤᠯᠤᠮᠵᠢ ᠶᠢᠨ ᠺᠠᠷᠲ》ᠲᠠᠷᠬᠠᠭᠠᠬᠤ᠂ | ᠲᠥᠷᠥ ᠶᠢᠨ ᠪᠣᠳᠣᠯᠭ᠎ᠠ ᠳᠤ ᠨᠢᠭᠤᠷᠲᠠᠨ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠳᠡᠯᠭᠡᠭᠡ ᠮᠠᠶᠢᠮᠠᠶ ᠶᠢᠨ ᠡᠵᠡᠳ ᠤᠨ ᠤᠬᠠᠮᠰᠠᠷ ᠠᠴᠠ ᠪᠠᠨ ᠡᠵᠡᠩᠨᠡᠯᠲᠡ ᠶᠢᠨ ᠵᠢᠷᠤᠮᠵᠢᠯ ᠢ ᠵᠢᠷᠤᠮᠯᠠᠬᠤ ᠶᠢ ᠬᠥᠲᠥᠯᠥᠨ | ᠵᠢᠯᠣᠭᠤᠳᠤᠨ᠎ᠠ︔ ᠳᠡᠯᠭᠡᠭᠦᠷᠴᠢᠨ ᠤ ᠵᠠᠭᠠᠭᠯᠠᠨ ᠳᠤᠭᠲᠠᠭᠠᠭᠰᠠᠨ ᠣᠷᠣᠨ ᠪᠦᠰᠡ ᠳᠤ᠂ ᠲᠣᠭᠲᠠᠭᠰᠠᠨ ᠴᠠᠭ ᠤᠨ | ᠳᠣᠲᠣᠷ᠎ᠠ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠵᠥᠪᠰᠢᠶᠡᠷᠡᠵᠦ᠂ ᠬᠤᠲᠠ ᠶᠢᠨ ᠦᠵᠡᠮᠵᠢ ᠶᠢᠨ ᠡᠮᠬᠢ | ᠳᠢᠭᠯᠢᠮ ᠢ ᠪᠠᠲᠤᠯᠠᠬᠤ ᠮᠥᠷᠲᠡᠭᠡᠨ ᠪᠠᠰᠠ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ | ᠬᠠᠷᠠᠭᠠᠯᠵᠠᠨ᠎ᠠ᠃ | ᠲᠠᠷᠠᠭᠠᠴᠢ ᠪᠠᠷ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ《 ᠴᠠᠭ ᠵᠥᠷᠢᠭᠦᠯᠦᠨ ᠲᠣᠭᠤᠷᠢᠨ | ᠪᠠᠶᠢᠴᠠᠭᠠᠬᠤ + ᠲᠣᠭᠲᠠᠭᠰᠠᠨ ᠴᠡᠭ ᠢᠶᠠᠷ ᠵᠢᠵᠢᠭᠦᠷᠯᠡᠨ ᠰᠠᠬᠢᠬᠤ 》ᠲᠣᠭᠲᠠᠴᠠ ᠶᠢ ᠪᠠᠶᠢᠭᠤᠯᠵᠤ᠂ ᠰᠥᠨᠢ ᠶᠢᠨ | ᠬᠢᠨᠠᠯᠲᠠ ᠬᠠᠮᠢᠶᠠᠷᠤᠯᠲᠠ ᠶᠢᠨ ᠴᠠᠭ ᠢ ᠤᠷᠲᠤᠳᠬᠠᠨ᠂ ᠭᠤᠤᠯᠳᠠᠯᠭ᠎ᠠ ᠲᠠᠢ ᠵᠠᠮ ᠤᠨ ᠬᠡᠰᠡᠭ ᠲᠤ ᠪᠦᠬᠦ ᠡᠳᠦᠷ ᠤᠨ | ᠬᠥᠳᠡᠯᠦᠩᠭᠦᠶ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠂ | ᠠᠰᠠᠭᠤᠳᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠡᠭᠦᠨ ᠤ ᠬᠠᠮᠲᠤ᠂ ᠬᠤᠳᠠ ᠶᠢᠨ《 ᠨᠢᠭᠤᠷ | ᠲᠠᠯ᠎ᠠ》ᠪᠣᠯᠤᠨ ᠠᠷᠠᠳ ᠤᠨ ᠠᠮᠢᠳᠤᠷᠠᠯ ᠤᠨ《 ᠳᠣᠲᠣᠷ ᠲᠠᠯ᠎ᠠ 》 ᠶᠢ ᠨᠢᠭᠡᠳᠦᠯᠲᠡᠢ ᠲᠥᠯᠥᠪᠵᠢᠭᠦᠯᠵᠦ᠂《 | ᠨᠡᠪᠲᠡᠷᠡᠭᠦᠯᠬᠦ ᠪᠠ ᠪᠦᠭᠯᠡᠬᠦ ᠶᠢ ᠤᠶᠠᠯᠳᠤᠭᠤᠯᠬᠤ 》ᠵᠠᠰᠠᠯᠲᠠ ᠶᠢᠨ ᠵᠠᠭᠪᠤᠷ ᠢ ᠭᠦᠨᠵᠡᠭᠡᠶᠢᠷᠡᠭᠦᠯᠵᠦ᠂ ᠨᠡᠭᠦᠳᠡᠯ | ᠳᠡᠯᠭᠡᠭᠦᠷᠴᠢᠨ ᠢ ᠢᠳᠡᠪᠬᠢᠲᠡᠢ ᠬᠦᠳᠦᠯᠦᠨ ᠵᠢᠯᠣᠭᠤᠳᠴᠤ᠂ ᠬᠥᠨᠳᠡᠯᠡᠨ ᠭᠤᠯᠳᠤ ᠵᠡᠭᠡᠯᠢ ᠶᠢᠨ ᠭᠤᠷᠪᠠᠳᠠᠬᠢ | ᠡᠲᠡᠭᠡᠳ ᠤᠨ ᠡᠵᠡᠩᠨᠡᠯᠲᠡ ᠶᠢᠨ ᠺᠣᠮᠫᠠᠨᠢ ᠪᠣᠯᠤᠨ ᠨᠡᠭᠦᠳᠡᠯ ᠳᠡᠯᠭᠡᠭᠦᠷᠴᠢᠨ ᠤ ᠬᠤᠭᠤᠷᠣᠨᠳᠣᠬᠢ ᠬᠠᠮᠲᠤᠷᠠᠯᠴᠠᠭᠠᠨ ᠤ | ᠬᠥᠭᠦᠷᠭᠡ ᠶᠢ ᠪᠤᠰᠬᠠᠵᠤ᠂ ᠬᠤᠳᠠ ᠶᠢᠨ《ᠠᠮᠢᠳᠤᠷᠠᠯ ᠤᠨ ᠠᠭᠤᠷ ᠠᠮᠢᠰᠬᠤᠯ 》ᠪᠣᠯᠤᠨ《 ᠪᠣᠯᠪᠠᠰᠤᠨ | ᠰᠤᠷᠲᠠᠯ》ᠬᠠᠷᠢᠯᠴᠠᠨ ᠠᠭᠤᠰᠤᠯᠴᠠᠬᠤ ᠶᠢ ᠠᠬᠢᠭᠤᠯᠵᠤ᠂ ᠬᠤᠳᠠ ᠶᠢᠨ ᠠᠷᠠᠳ ᠤᠨ ᠬᠦᠷᠲᠡᠮᠵᠢ ᠶᠢᠨ ᠲᠦᠷᠦᠭᠳᠡᠯ | ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | | | | |