ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠠᠵᠢᠯ ᠢ ᠯᠠᠪᠳᠠᠭᠤᠨ ᠪᠠᠲᠤᠲᠠᠶ ᠪᠠᠷ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2025/4/2
    ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠡᠮᠵᠢᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠡᠳ᠋ ᠤᠨ ᠵᠠᠰᠠᠭ ᠤᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠤᠨ 2025 ᠣᠨ ᠤ ᠵᠠᠰᠠᠭ ᠤᠨ ᠣᠷᠳᠣᠨ ᠠᠴᠠ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠵᠢᠤ ᠶᠤᠸᠠᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠠᠴᠠ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠠᠵᠢᠯ ᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠬᠦᠴᠦ ᠨᠡᠮᠡᠷᠢᠯᠡᠪᠡ᠃
11.jpg
    ᠨᠢᠭᠡ ᠳᠤ ᠨᠠᠷᠢᠯᠢᠭ ᠤᠨᠤᠪᠴᠢᠲᠠᠢ ᠪᠠᠷ ᠤᠷᠢᠳᠴᠢᠯᠠᠨ ᠦᠯᠡᠳᠡᠭᠡᠭᠰᠡᠨ ᠬᠤᠪᠢ᠃ ᠲᠤᠰ ᠭᠠᠵᠠᠷ ᠣᠷᠣᠨ ᠤ ᠬᠠᠷᠢᠶ᠎ᠠ ᠪᠦᠬᠦᠢ ᠲᠥᠰᠦᠪ ᠤᠨ ᠨᠢᠭᠡᠴᠡ ᠶᠢ ᠵᠣᠬᠢᠶᠠᠨ ᠪᠠᠶᠢᠭᠤᠯᠤᠨ ᠤᠷᠢᠳᠴᠢᠯᠠᠨ ᠦᠯᠡᠳᠡᠭᠡᠭᠰᠡᠨ ᠬᠤᠪᠢ ᠶᠢ ᠲᠠᠭᠯᠠᠨ ᠮᠡᠳᠡᠭᠦᠯᠬᠦ ᠪᠠ ᠬᠢᠨᠠᠨ ᠬᠠᠷᠭᠤᠭᠤᠯᠵᠤ ᠨᠤᠲᠠᠯᠠᠬᠤ ᠶᠢ ᠰᠠᠶᠢᠲᠤᠷ ᠬᠢᠵᠦ᠂ ᠡᠯ᠎ᠡ ᠱᠠᠲᠤᠨ ᠤ ᠲᠥᠰᠦᠪ ᠤᠨ ᠨᠢᠭᠡᠴᠡ ᠶᠢᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ ᠪᠠᠶᠢᠭᠠᠳ《 832 ᠲᠠᠪᠴᠠᠩ 》 ᠢᠶᠠᠷ ᠳᠠᠮᠵᠢᠭᠤᠯᠤᠨ ᠬᠤᠭᠤᠯᠠᠨ ᠭᠡᠷ ᠤᠨ ᠡᠳ᠋ ᠪᠠᠷᠠᠭ᠎ᠠ᠂ ᠠᠵᠢᠯᠴᠢᠨ ᠤ ᠡᠪᠯᠡᠯ ᠤᠨ ᠠᠰᠠᠷᠠᠮᠵᠢ᠂ ᠲᠣᠬᠤᠨᠢᠭᠤᠯᠬᠤ ᠪᠤᠳᠠᠰ ᠵᠡᠷᠭᠡ ᠶᠢ ᠬᠤᠳᠠᠯᠳᠤᠨ ᠠᠪᠤᠭᠤᠯᠵᠤ᠂ ᠬᠤᠯᠪᠣᠭᠳᠠᠯ ᠪᠦᠬᠦᠢ ᠬᠤᠳᠠᠯᠳᠤᠨ ᠠᠪᠬᠤ ᠵᠣᠭᠤᠰ ᠤᠨ ᠲᠤᠭ᠎ᠠ ᠶᠢ ᠲᠤᠰ ᠨᠢᠭᠡᠴᠡ ᠶᠢᠨ ᠣᠨ ᠤ ᠬᠤᠳᠠᠯᠳᠤᠨ ᠠᠪᠬᠤ ᠶᠡᠷᠦᠩᠬᠡᠶ ᠲᠤᠭ᠎ᠠ ᠳᠤ ᠪᠣᠳᠣᠵᠤ ᠣᠷᠣᠭᠤᠯᠤᠨ᠎ᠠ᠃ ᠬᠤᠶᠠᠷ ᠲᠤ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠰᠢᠨᠡᠳᠬᠡᠨ᠎ᠡ᠃ ᠲᠠᠭᠯᠠᠨ ᠮᠡᠳᠡᠭᠦᠯᠬᠦ ᠶᠠᠪᠤᠴᠠ ᠳᠤ᠂ ᠬᠠᠮᠤᠭ ᠤᠨ ᠰᠢᠨ᠎ᠡ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠢ ᠦᠨᠳᠦᠰᠦᠯᠡᠨ᠂ ᠰᠢᠰᠲ᠋ᠧᠮ ᠤᠨ ᠲᠠᠪᠴᠠᠩ ᠳᠠᠬᠢ ᠲᠥᠰᠦᠪ ᠤᠨ ᠨᠢᠭᠡᠴᠡ ᠪᠠᠨ ᠴᠠᠭ ᠲᠤᠬᠠᠶ ᠳᠤᠨᠢ ᠰᠢᠨᠡᠳᠬᠡᠵᠦ᠂ ᠨᠢᠭᠡᠨᠲᠡ ᠵᠥᠪᠰᠢᠶᠡᠷᠡᠭᠰᠡᠨ ᠬᠠᠰᠤᠵᠤ ᠨᠡᠶᠢᠯᠡᠭᠦᠯᠦᠭᠰᠡᠨ ᠨᠢᠭᠡᠴᠡ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠢᠴᠢ ᠰᠢᠰᠲ᠋ᠧᠮ ᠤᠨ ᠲᠠᠩᠰᠠᠨ ᠤ ᠳ᠋ᠤᠭᠠᠷ ᠢ ᠬᠠᠰᠤᠵᠤ ᠬᠠᠶᠠᠬᠤ ᠶᠢᠨ ᠬᠠᠮᠲᠤ᠂ ᠠᠵᠢᠯ ᠳᠤ ᠲᠣᠬᠢᠷᠠᠭᠤᠯᠤᠯᠲᠠ ᠬᠢᠭᠰᠡᠨ ᠠᠵᠢᠯᠲᠠᠨ ᠤ ᠮᠡᠳᠡᠭᠡ ᠵᠠᠩᠭᠢ ᠶᠢ ᠴᠤ ᠲᠤᠭ᠎ᠠ ᠪᠠᠷᠢᠮᠲᠠ ᠶᠢᠨ ᠰᠢᠨᠡᠴᠢᠯᠡᠯᠲᠡ ᠶᠢ ᠴᠠᠭ ᠲᠤᠬᠠᠶ ᠳᠤᠨᠢ ᠲᠡᠭᠦᠯᠳᠡᠷᠵᠢᠭᠦᠯᠦᠭᠰᠡᠨ ᠪᠠᠶᠢᠨ᠎ᠠ᠃ ᠭᠤᠷᠪᠠ ᠳᠤ᠂ ᠬᠢᠨᠠᠨ ᠬᠠᠷᠭᠤᠭᠤᠯᠬᠤ ᠶᠢ ᠴᠢᠩᠭᠠᠳᠬᠠᠨ᠎ᠠ᠃ ᠪᠥᠬᠦ ᠲᠤᠭᠤᠷᠢᠭ ᠤᠨ ᠲᠥᠰᠦᠪ ᠤᠨ ᠨᠢᠭᠡᠴᠡ ᠶᠢᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ᠣᠳᠣᠬᠠᠨ ᠳᠤ ᠪᠥᠬᠦ  ᠲᠤᠭᠤᠷᠢᠭ ᠤᠨ ᠪᠣᠶ ᠪᠥᠬᠦᠶ ᠲᠥᠰᠦᠪ ᠤᠨ ᠨᠢᠭᠡᠴᠡ ᠶᠢᠨ ᠲᠠᠭᠯᠠᠨ ᠮᠡᠳᠡᠭᠦᠯᠬᠦ ᠠᠵᠢᠯ ᠢ ᠪᠦᠬᠦᠨ ᠢ ᠪᠡᠶᠡᠯᠡᠭᠦᠯᠵᠦ᠂ ᠬᠢᠨᠠᠨ ᠬᠠᠷᠭᠤᠭᠤᠯᠵᠤ ᠪᠡᠶᠡᠯᠡᠭᠦᠯᠦᠭᠰᠡᠨ ᠨᠣᠷᠮ᠎ᠠ ᠨᠢ 100% ᠳᠤ ᠬᠥᠷᠪᠡ᠃       ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠰ ᠵᠢᠯ ᠤᠨ ᠲᠠᠭᠯᠠᠨ ᠮᠡᠳᠡᠭᠦᠯᠦᠭᠰᠡᠨ ᠤᠷᠢᠳᠴᠢᠯᠠᠨ ᠦᠯᠡᠳᠡᠭᠡᠭᠰᠡᠨ ᠬᠤᠪᠢ ᠶᠢᠨ ᠲᠤᠭ᠎ᠠ ᠶᠢ ᠴᠢᠩᠭ᠎ᠠ ᠵᠢᠷᠤᠮᠯᠠᠨ᠂ ᠰᠢᠯᠢᠳᠡᠭ ᠢ ᠨᠢ ᠰᠣᠩᠭᠤᠨ《 832 ᠲᠠᠪᠴᠠᠩ 》 ᠢᠶᠠᠷ ᠳᠠᠮᠵᠢᠭᠤᠯᠤᠨ ᠬᠤᠳᠠᠯᠳᠤᠨ ᠠᠪᠬᠤ ᠶᠢᠨ ᠬᠠᠮᠲᠤ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠴᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号