ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ | ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠠᠷᠭ᠎ᠠ ᠵᠠᠮ ᠢ ᠰᠢᠯᠤᠭᠤᠳᠬᠠᠬᠤ ᠶᠢᠨ ᠲᠥᠯᠥᠭᠡ᠂ ᠵᠢᠤ ᠶᠤᠸᠠᠨ | ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ | ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ᠂ ᠤᠢᠢᠷ᠎ᠠ ᠳᠤ《 12338 ᠡᠮᠡᠭᠲᠡᠶᠢᠴᠦᠳ ᠤᠨ ᠬᠤᠯᠪᠣᠭ᠎ᠠ ᠶᠢᠨ | ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ 》 ᠢ ᠵᠢᠩᠬᠢᠨᠢ ᠪᠠᠷ ᠪᠠᠶᠢᠭᠤᠯᠪᠠ᠃ | | | | ᠲᠣᠰ ᠲᠥᠪ ᠨᠢ《 ᠡᠮᠡᠭᠲᠡᠶᠢᠴᠦᠳ ᠤᠨ ᠰᠡᠳᠬᠢᠯ ᠤᠨ ᠦᠭᠡ ᠶᠢ ᠰᠣᠨᠣᠰᠴᠤ᠂ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠵᠤ᠂ ᠬᠠᠤᠯᠢ ᠪᠠᠷ ᠵᠠᠰᠠᠬᠤ ᠬᠠᠶᠢᠷ᠎ᠠ ᠬᠠᠯᠠᠮᠵᠢ ᠶᠢ ᠳᠠᠮᠵᠢᠭᠤᠯᠬᠤ 》 ᠪᠠᠷ ᠵᠣᠷᠢᠯᠲᠠ ᠪᠠᠨ | ᠪᠣᠯᠭᠠᠵᠤ᠂《 ᠨᠢᠭᠡ ᠥᠷᠲᠡᠭᠡ ᠮᠠᠶ᠋ᠢᠭ 》 ᠤᠨ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ | ᠲᠠᠪᠴᠠᠩ ᠢᠶᠠᠷ ᠳᠠᠮᠵᠢᠭᠤᠯᠤᠨ᠂ ᠪᠥᠬᠦ ᠲᠤᠭᠤᠷᠢᠭ ᠤᠨ ᠡᠮᠡᠭᠲᠡᠶᠢᠴᠦᠳ ᠬᠡᠦᠬᠡᠳ ᠲᠤ ᠲᠤᠰᠬᠠᠶᠢᠵᠢᠭᠰᠠᠨ᠂ ᠨᠠᠷᠢᠯᠢᠭ | ᠤᠨᠤᠪᠴᠢᠲᠠᠢ᠂ ᠬᠦᠮᠦᠨᠴᠢᠯᠡᠭᠰᠡᠨ ᠬᠠᠤᠯᠢ ᠴᠠᠭᠠᠵᠠ ᠶᠢᠨ ᠵᠥᠪᠯᠡᠯᠭᠡ᠂ ᠰᠡᠳᠬᠢᠴᠡ ᠶᠢᠨ ᠵᠢᠯᠣᠭᠤᠳᠣᠯᠭ᠎ᠠ᠂ | ᠵᠥᠷᠢᠴᠡᠯ ᠤᠨ ᠡᠶᠡᠳᠡᠭᠦᠯᠭᠡ ᠵᠢᠴᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠬᠠᠩᠭᠠᠵᠤ᠂ ᠵᠢᠤ ᠶᠤᠸᠠᠨ | ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠰᠢᠨ᠎ᠡ ᠱᠠᠲᠤᠨ ᠳᠤ | ᠤᠷᠤᠭᠰᠠᠨ ᠢ ᠬᠠᠷᠠᠭᠤᠯᠵᠤ ᠪᠠᠶᠢᠨ᠎ᠠ᠃ | | | | ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠰᠢᠨ᠎ᠡ | ᠵᠢᠭᠰᠠᠭᠠᠯ ᠤᠨ ᠭᠠᠵᠠᠷ ᠢ ᠪᠣᠶ ᠪᠣᠯᠭᠠᠨ᠎ᠠ᠃ ᠵᠢᠦ ᠶᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ | ᠦᠨᠳᠦᠰᠦᠨ ᠱᠠᠲᠤᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠪᠠᠶᠢᠴᠠᠭᠠᠨ ᠰᠤᠳᠤᠯᠵᠤ᠂ ᠣᠯᠠᠨ ᠲᠠᠯ᠎ᠠ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂《 12338 》ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠭᠤᠣᠯ ᠪᠣᠯᠭᠠᠵᠤ᠂《 ᠰᠦᠯᠵᠢᠶᠡᠨ | ᠳᠡᠭᠡᠷᠡᠬᠢ + ᠰᠦᠯᠵᠢᠶᠡᠨ ᠭᠠᠳᠠᠨᠠᠬᠢ 》ᠪᠣᠰᠤᠭ᠎ᠠ ᠴᠣᠭᠴᠠᠲᠤ ᠦᠢᠯᠡᠴᠢᠯᠡᠭᠡᠨ ᠤ ᠲᠣᠣᠷ ᠢ ᠰᠢᠨ᠎ᠡ ᠶᠢ ᠡᠭᠦᠳᠦᠨ | ᠪᠠᠶᠢᠭᠤᠯᠪᠠ᠃ ᠰᠦᠯᠵᠢᠶᠡᠨ ᠳᠡᠭᠡᠷ᠎ᠡ᠂ ᠬᠠᠯᠠᠮᠰᠢᠯ ᠤᠲᠠᠰᠤ 24 ᠴᠠᠭ ᠢᠶᠠᠷ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠬᠦᠯᠢᠶᠠᠨ ᠠᠪᠴᠤ᠂《 ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ | ᠨᠠᠶᠢᠳᠠᠪᠤᠷᠢᠵᠢᠭᠤᠯᠤᠯᠲᠠ ᠲᠠᠢ ᠪᠠᠶᠢᠬᠤ 》 ᠶᠢ ᠦᠨᠡᠨ ᠬᠦ ᠪᠠᠳᠤᠯᠠᠨ᠎ᠠ︔ ᠰᠦᠯᠵᠢᠶᠡᠨ ᠭᠠᠳᠠᠨ᠎ᠠ᠂《 | ᠴᠣᠩᠬᠤᠪᠴᠢ ᠶᠢᠨ ᠠᠰᠠᠭᠤᠨ ᠯᠠᠪᠯᠠᠬᠤ + ᠠᠵᠢᠯᠯᠠᠬᠤ ᠲᠠᠰᠤᠭ ᠤᠨ ᠡᠶᠡᠳᠡᠭᠦᠯᠬᠦ 》ᠵᠠᠭᠪᠤᠷ ᠢ ᠪᠠᠶᠢᠭᠤᠯᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠢᠦ ᠶᠤᠸᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ | ᠲᠥᠪ ᠲᠤ ᠡᠮᠡᠭᠲᠡᠶᠢᠴᠦᠳ ᠬᠡᠦᠬᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠴᠣᠩᠬᠤ ᠭᠠᠷᠭᠠᠵᠤ᠂ ᠲᠤᠰᠬᠠᠶ | ᠬᠥᠮᠦᠨ ᠲᠣᠬᠢᠷᠠᠭᠤᠯᠤᠨ ᠡᠭᠡᠯᠵᠢᠯᠡᠨ ᠵᠢᠵᠢᠭᠦᠷᠯᠡᠭᠦᠯᠵᠦ᠂ ᠨᠥᠬᠦᠴᠡᠯ ᠳᠤ ᠨᠡᠶᠢᠴᠡᠬᠦ ᠡᠮᠡᠭᠲᠡᠶᠢᠴᠦᠳ ᠬᠡᠦᠬᠡᠳ ᠲᠤ | ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ ᠡᠮᠡᠭᠲᠡᠶᠢᠴᠦᠳ ᠬᠡᠦᠬᠡᠳ ᠤᠨ ᠡᠷᠬᠡ ᠳᠤ ᠬᠠᠯᠳᠠᠭᠰᠠᠨ ᠬᠡᠷᠡᠭ ᠤᠨ | ᠲᠤᠬᠠᠶ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠨᠡᠶᠢᠭᠡᠮ ᠤᠨ ᠲᠤᠰᠠᠯᠠᠮᠵᠢ ᠪᠣᠯᠤᠨ ᠲᠤᠰᠠᠯᠠᠮᠵᠢ | ᠬᠠᠩᠭᠠᠵᠤ᠂ ᠡᠮᠡᠭᠲᠡᠶᠢᠴᠦᠳ ᠤᠨ ᠡᠷᠬᠡ ᠠᠰᠢᠭ ᠢ ᠲᠦᠭᠡᠮᠡᠯᠵᠢᠭᠦᠯᠬᠦ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠳᠤ ᠤᠷᠤᠯᠴᠠᠨ᠎ᠠ᠃ ᠡᠮᠡᠭᠲᠡᠶᠢᠴᠦᠳ ᠬᠡᠦᠬᠡᠳ ᠲᠤ ᠨᠢᠭᠤᠷᠲᠠᠨ ᠲᠤᠰᠠᠯᠠᠮᠵᠢ ᠦᠵᠡᠭᠦᠯᠵᠦ᠂ ᠡᠷᠬᠡ | ᠠᠰᠢᠭ ᠢᠶᠠᠨ ᠬᠠᠮᠠᠭᠠᠯᠠᠬᠤ ᠦᠢᠯᠡᠴᠢᠯᠡᠭᠡ ᠬᠠᠩᠭᠠᠬᠤ ᠶᠢᠨ《 ᠵᠠᠢ ᠦᠭᠡᠢ 》 ᠪᠠᠶᠢᠬᠤ ᠶᠢ ᠪᠡᠶᠡᠯᠡᠭᠦᠯᠦᠨ᠎ᠡ᠃ | | | | | | |