ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ《 ᠭᠤᠷᠪᠠ ᠶᠢ ᠪᠠᠲᠤᠯᠠᠬᠤ 》ᠬᠤᠷᠢᠭ᠎ᠠ ᠱᠤᠭᠤᠮ ᠢ ᠪᠠᠲᠤ ᠰᠠᠬᠢᠨ᠎ᠠ
ᠨᠡᠶᠢᠲᠡᠯᠡᠭᠰᠡᠨ ᠴᠠᠭ᠄
2025/4/2
    ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠢᠮᠠᠭᠲᠠ《 ᠭᠤᠷᠪᠠ ᠶᠢ ᠪᠠᠲᠤᠯᠠᠬᠤ》ᠠᠵᠢᠯ ᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠠᠵᠤ ᠠᠬᠤᠢ ᠶᠢᠨ ᠪᠠᠶᠢᠳᠠᠯ ᠪᠣᠯᠤᠨ ᠦᠷᠭᠦᠯᠵᠢᠯᠡᠨ ᠨᠡᠮᠡᠭᠳᠡᠵᠦ ᠪᠠᠶᠢᠭ᠎ᠠ ᠣᠷᠣᠯᠭ᠎ᠠ ᠵᠠᠷᠤᠯᠭ᠎ᠠ ᠶᠢᠨ ᠳᠠᠷᠤᠯᠲᠠ ᠶᠢᠨ ᠡᠮᠦᠨ᠎ᠡ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠡᠳᠦᠯᠲᠡᠢ ᠲᠥᠯᠥᠪᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠢᠳᠡᠪᠬᠢᠲᠡᠢ ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂《 ᠭᠤᠷᠪᠠ ᠶᠢ ᠪᠠᠲᠤᠯᠠᠬᠤ 》ᠵᠠᠷᠤᠯᠭ᠎ᠠ ᠶᠢᠨ ᠬᠡᠷᠡᠭᠴᠡᠭᠡ ᠶᠢ ᠪᠦᠬᠦ ᠬᠦᠴᠦᠨ ᠢᠶᠠᠷ ᠪᠠᠲᠤᠯᠠᠵᠤ᠂ ᠡᠳ᠋ ᠤᠨ ᠵᠠᠰᠠᠭ ᠤᠨ ᠲᠣᠭᠲᠠᠭᠤᠨ ᠡᠷᠭᠢᠯᠲᠡ ᠶᠢ ᠪᠠᠲᠤᠯᠠᠨ᠎ᠠ᠃ ᠵᠢᠯ ᠤᠨ ᠡᠬᠢᠨ ᠤ ᠲᠥᠰᠦᠪ ᠢ ᠨᠠᠶᠢᠷᠠᠭᠤᠯᠤᠨ ᠵᠣᠬᠢᠶᠠᠬᠤ ᠳᠠᠭᠠᠨ《 ᠭᠤᠷᠪᠠ ᠶᠢ ᠪᠠᠲᠤᠯᠠᠬᠤ 》 ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂《 2025 ᠣᠨ ᠤ ᠰᠢᠶᠠᠨ ᠤ ᠱᠠᠲᠤᠨ ᠤ〈 ᠭᠤᠷᠪᠠ ᠶᠢ ᠪᠠᠲᠤᠯᠠᠬᠤ 〉ᠲᠥᠰᠦᠪ ᠤᠨ ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ 》 ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ《 ᠭᠤᠷᠪᠠ ᠶᠢ ᠪᠠᠲᠤᠯᠠᠬᠤ 》 ᠶᠢ ᠪᠠᠲᠤᠯᠠᠬᠤ ᠬᠡᠪᠴᠢᠶ᠎ᠡ ᠪᠠ ᠪᠠᠷᠢᠮᠵᠢᠶ᠎ᠠ ᠶᠢ ᠦᠨᠳᠦᠰᠦᠯᠡᠨ᠂《 ᠭᠤᠷᠪᠠ ᠶᠢ ᠪᠠᠲᠤᠯᠠᠬᠤ 》ᠵᠠᠷᠤᠯᠭ᠎ᠠ ᠶᠢ ᠪᠥᠬᠦ ᠲᠠᠯ᠎ᠠ ᠪᠠᠷ᠂ ᠨᠠᠷᠢᠨ ᠨᠢᠮᠪᠠᠶ ᠲᠥᠰᠦᠭᠡᠯᠡᠨ ᠪᠤᠳᠤᠵᠤ᠂《 ᠭᠤᠷᠪᠠ ᠶᠢ ᠪᠠᠲᠤᠯᠠᠬᠤ 》ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠲᠠᠭᠤ ᠳᠤᠲᠠᠭᠤᠳᠠᠯ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ 2025 ᠣᠨ ᠤ ᠨᠢᠭᠡᠳᠦᠭᠡᠷ ᠤᠯᠠᠷᠢᠯ ᠳᠤ᠂ ᠵᠢᠤ ᠶᠤᠸᠠᠨ ᠲᠣᠭᠤᠷᠢᠭ ᠤᠨ《 ᠭᠤᠷᠪᠠ ᠶᠢ ᠪᠠᠲᠤᠯᠠᠬᠤ 》ᠵᠠᠷᠤᠯᠭ᠎ᠠ 34116.41 ᠲᠦᠮᠡᠨ ᠲᠥᠭᠦᠷᠢᠭ ᠲᠤ ᠬᠦᠷᠴᠦ᠂ ᠪᠡᠶᠡᠯᠡᠭᠦᠯᠦᠭᠰᠡᠨ ᠠᠬᠢᠴᠠ ᠨᠢ 25.48% ᠳᠤ ᠬᠦᠷᠴᠦ᠂ ᠶᠡᠷᠦᠩᠬᠡᠶ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠣᠯᠪᠠ᠃    ᠲᠠᠷᠠᠭᠠᠴᠢ ᠪᠠᠷ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ《 ᠠᠷᠪᠢᠯᠠᠨ ᠭᠠᠮᠨᠠᠵᠤ ᠠᠮᠢᠳᠤᠷᠠᠬᠤ》ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠪᠠ ᠪᠠᠴᠢᠮ ᠪᠤᠰᠤ ᠬᠡᠷᠡᠭᠴᠡᠭᠡ᠂ ᠵᠠᠶᠢᠯᠠᠰᠢ ᠥᠬᠡᠶ ᠪᠤᠰᠤ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂《 ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠵᠤ 》ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠨ᠎ᠠ᠃ ᠬᠢᠵᠠᠭᠠᠷᠲᠠᠶ ᠪᠡᠯᠡ ᠮᠥᠩᠭᠦ ᠶᠢ ᠠᠷᠪᠢᠯᠠᠨ《 ᠭᠤᠷᠪᠠ ᠶᠢ ᠪᠠᠲᠤᠯᠠᠬᠤ 》ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠡᠷᠡᠭᠯᠡᠵᠦ᠂《 ᠭᠤᠷᠪᠠ ᠶᠢ ᠪᠠᠲᠤᠯᠠᠬᠤ》ᠵᠠᠷᠤᠯᠭ᠎ᠠ ᠶᠢ ᠡᠳ᠋ ᠤᠨ ᠵᠠᠰᠠᠭ ᠤᠨ ᠵᠠᠷᠤᠯᠭ᠎ᠠ ᠶᠢᠨ ᠡᠮᠤᠨ᠎ᠡ ᠪᠠᠶᠢᠬᠤ ᠳᠡᠰ ᠳᠠᠷᠠᠭᠠᠯᠠᠯ ᠢ ᠪᠠᠷᠢᠮᠲᠠᠯᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂《 ᠭᠤᠷᠪᠠ ᠶᠢ ᠪᠠᠲᠤᠯᠠᠬᠤ》ᠪᠠᠲᠤᠯᠠᠭ᠎ᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃《 ᠭᠤᠷᠪᠠ ᠶᠢ ᠪᠠᠲᠤᠯᠠᠬᠤ》ᠪᠠᠲᠤᠯᠠᠭ᠎ᠠ ᠶᠢᠨ ᠬᠥᠳᠡᠯᠦᠩᠭᠦᠶ ᠬᠢᠨᠠᠨ ᠰᠢᠨᠵᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠲᠠᠪᠴᠠᠩ ᠳᠤ ᠲᠦᠰᠢᠭᠯᠡᠨ᠂《 ᠭᠤᠷᠪᠠ ᠶᠢ ᠪᠠᠲᠤᠯᠠᠬᠤ》ᠠᠵᠢᠯᠯᠠᠭᠠᠨ ᠤ ᠬᠢᠨᠠᠨ ᠰᠢᠨᠵᠢᠬᠦ ᠶᠢ ᠰᠠᠷ᠎ᠠ ᠪᠠᠷ ᠰᠠᠶᠢᠲᠤᠷ ᠬᠢᠵᠦ᠂《 ᠨᠢᠭᠡ ᠯᠡ ᠳᠡᠭᠡᠷ᠎ᠡ ᠪᠡᠶᠡᠯᠡᠭᠦᠯᠬᠦ》ᠦᠢᠯᠡᠳᠦᠯ ᠢ  ᠭᠦᠢᠴᠡᠳ ᠪᠠᠳᠠᠷᠠᠭᠤᠯᠤᠨ᠂《 ᠭᠤᠷᠪᠠ ᠶᠢ ᠪᠠᠲᠤᠯᠠᠬᠤ 》ᠪᠠᠯᠠ ᠮᠥᠩᠭᠦ ᠶᠢ ᠭᠥᠯᠢᠶᠡᠨ ᠠᠪᠬᠤ᠂ ᠬᠤᠪᠢᠶᠠᠷᠢᠯᠠᠬᠤ᠂ ᠰᠠᠯᠭᠠᠨ ᠦᠭᠬᠦ ᠵᠠᠷᠤᠯᠭ᠎ᠠ ᠶᠢᠨ ᠪᠥᠬᠦ ᠶᠠᠪᠤᠴᠠ ᠶᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠴᠠᠭ ᠲᠤᠬᠠᠶ ᠳᠤᠨᠢ ᠵᠠᠳᠠᠯᠤᠨ ᠰᠤᠳᠤᠯᠵᠤ ᠮᠠᠭᠠᠳᠯᠠᠨ᠂《 ᠭᠤᠷᠪᠠ ᠶᠢ ᠪᠠᠲᠤᠯᠠᠬᠤ 》ᠪᠠᠯᠠ ᠮᠥᠩᠭᠦ ᠶᠢᠨ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠵᠤ᠂《 ᠭᠤᠷᠪᠠ ᠶᠢ ᠪᠠᠲᠤᠯᠠᠬᠤ 》 ᠶᠢᠨ ᠲᠦᠭᠰᠢᠭᠦᠷᠢ ᠶᠢ ᠦᠨᠡᠨᠬᠦ ᠰᠡᠷᠭᠡᠶᠢᠯᠡᠵᠦ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号