ᠵᠢᠶᠠᠨ ᠬᠤᠸᠠ ᠭᠡᠷ ᠬᠤᠷᠢᠶᠠᠯᠠᠯ《 ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠢᠵᠦ ᠪᠣᠯᠬᠤ 》ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/21
    2025 ᠣᠨ ᠤ 4 ᠰᠠᠷ᠎ᠠ ᠶᠢᠨ 15  ᠤ ᠡᠳᠦᠷ ᠪᠣᠯ ᠠᠷᠪᠠᠳᠤᠭᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠤᠯᠤᠰ ᠤᠨ ᠠᠮᠤᠷ ᠲᠦᠪᠰᠢᠨ ᠪᠣᠯ ᠤᠯᠤᠰ ᠤᠨ ᠶᠡᠭᠡ ᠶᠠᠪᠤᠳᠠᠯ ᠪᠣᠯᠬᠤ ᠪᠠᠷ ᠪᠠᠷᠠᠬᠤ ᠦᠭᠡᠢ ᠨᠡᠩ ᠴᠤ ᠰᠠᠭᠤᠭᠠᠯᠢ ᠠᠷᠠᠳ ᠨᠢᠭᠡᠪᠦᠷᠢ ᠶᠢᠨ ᠡᠳᠦᠷ ᠲᠤᠳᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠵᠦ᠂《 ᠤᠯᠤᠰ ᠤᠨ ᠠᠮᠤᠷ ᠲᠦᠪᠰᠢᠨ ᠳᠤ᠂ ᠬᠥᠮᠦᠨ ᠪᠦᠬᠦᠨ ᠬᠠᠷᠢᠭᠤᠴᠠᠯᠭ᠎ᠠ ᠲᠠᠢ 》ᠭᠡᠷ ᠬᠤᠷᠢᠶᠠᠯᠠᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 15  ᠤ ᠡᠳᠦᠷ᠂ ᠵᠢᠶᠠᠨ ᠬᠤᠸᠠ ᠭᠡᠷ ᠬᠤᠷᠢᠶᠠᠯᠠᠯ《 ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠢᠵᠦ ᠪᠣᠯᠬᠤ 》ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠣᠯᠠᠨ ᠶᠠᠩᠵᠤ ᠶᠢᠨ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠮᠡᠳᠡᠯᠭᠡ ᠶᠢ《 ᠡᠭᠡᠯ ᠠᠷᠠᠳ ᠤᠨ ᠭᠡᠷ ᠲᠤ ᠨᠢᠰᠬᠡᠨ᠎ᠡ 》 ︕
11.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠮᠡᠳᠡᠯᠭᠡ ᠪᠠᠨ ᠲᠦᠭᠡᠮᠡᠯᠵᠢᠭᠦᠯᠵᠦ ᠂ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠂ ᠵᠢᠴᠢ ᠬᠡᠷᠬᠢᠨ ᠬᠠᠤᠯᠢ ᠶᠣᠰᠣᠨ ᠤ ᠠᠷᠭ᠎ᠠ ᠵᠠᠮ ᠢᠶᠠᠷ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠤᠶᠢᠯᠠᠭᠠᠭᠤᠯᠪᠠ᠃ ᠬᠤᠶᠢᠰᠢᠳᠠ ᠯᠠᠪᠲᠠᠢ ᠤᠯᠤᠰ ᠤᠨ ᠠᠮᠤᠷ ᠲᠦᠪᠰᠢᠨ ᠢ ᠤᠯᠠᠮ ᠠᠩᠬᠠᠷᠴᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ ᠭᠡᠵᠦ ᠴᠥᠭᠡᠨ ᠪᠤᠰᠤ ᠰᠠᠭᠤᠭᠠᠯᠢ ᠠᠷᠠᠳ ᠢᠯᠡᠳᠬᠡᠪᠡ᠃    ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠰᠠᠭᠤᠭᠠᠯᠢ ᠠᠷᠠᠳ :《 ᠤᠤᠯ ᠨᠢ ᠤᠯᠤᠰ ᠤᠨ ᠠᠮᠤᠷ ᠲᠦᠪᠰᠢᠨ ᠳᠡᠷᠭᠡᠳᠡ ᠪᠠᠶᠢᠭᠰᠠᠨ︕》ᠲᠤᠰ ᠤᠳᠠᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠳᠤ ᠤᠯᠠᠨ ᠲᠦᠮᠡᠨ ᠤ ᠰᠠᠭᠤᠷᠢ ᠶᠢ ᠲᠠᠯᠪᠢᠵᠤ ᠥᠭᠴᠡᠢ᠃ ᠤᠯᠤᠰ ᠤᠨ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠬᠥᠮᠦᠨ ᠪᠦᠬᠦᠨ ᠴᠥᠮ《 ᠰᠠᠬᠢᠨ ᠬᠠᠮᠠᠭᠠᠯᠠᠭᠴᠢ 》ᠮᠥᠨ︕ ᠪᠢᠳᠡ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠭᠡᠷ ᠬᠤᠷᠢᠶᠠᠯᠠᠯ ᠤᠨ ᠣᠷᠴᠢᠨ ᠨᠥᠬᠦᠴᠡᠯ ᠢ ᠬᠠᠮᠲᠤ ᠪᠠᠷ ᠪᠤᠢ ᠪᠣᠯᠭᠠᠶ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号