| | ᠦᠨᠳᠦᠰᠦᠨ ᠱᠠᠲᠤᠨ ᠤ ᠵᠡᠮᠳᠡᠭᠴᠦᠳ ᠤᠨ ᠲᠤᠰᠬᠠᠶ ᠲᠤᠰᠢᠶᠠᠯᠲᠤ ᠭᠡᠰᠢᠭᠦᠨ ᠤ ᠡᠩᠨᠡᠭᠡ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠮᠳᠡᠭᠴᠦᠳ ᠤᠨ ᠲᠤᠰᠬᠠᠶ ᠲᠤᠰᠢᠶᠠᠯᠲᠤ ᠭᠡᠰᠢᠭᠦᠨ ᠤ | ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠵᠡᠮᠳᠡᠭᠴᠦᠳ ᠲᠤ ᠦᠢᠯᠡᠴᠢᠯᠡᠬᠦ ᠬᠢᠷᠢ | ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠬᠤᠶᠠᠷᠬᠤᠳᠳᠤᠭ ᠪᠠᠯᠭᠠᠰᠤ ᠠᠴᠠ | 2025 ᠣᠨ ᠤ ᠵᠡᠮᠳᠡᠭᠴᠦᠳ ᠤᠨ ᠲᠤᠰᠬᠠᠶ ᠲᠤᠰᠢᠶᠠᠯᠲᠤ ᠭᠡᠰᠢᠭᠦᠨ ᠤ ᠪᠤᠯᠪᠠᠰᠤᠷᠠᠯ ᠤᠨ ᠬᠤᠷᠠᠯ ᠡᠷᠭᠢᠯᠡᠵᠦ᠂ | ᠡᠯ᠎ᠡ ᠵᠠᠰᠠᠭ ᠵᠠᠬᠢᠷᠭᠠᠨ ᠤ ᠲᠣᠰᠬᠤᠨ ᠤ ᠵᠡᠮᠳᠡᠭᠴᠦᠳ ᠤᠨ ᠲᠤᠰᠬᠠᠶ ᠲᠤᠰᠢᠶᠠᠯᠲᠤ ᠭᠡᠰᠢᠭᠦᠨ ᠪᠤᠯᠪᠠᠰᠤᠷᠠᠯ ᠳᠤ | ᠣᠷᠣᠯᠴᠠᠪᠠ᠃ | ᠲᠣᠰ ᠤᠳᠠᠭᠠᠨ ᠤ ᠪᠤᠯᠪᠠᠰᠤᠷᠠᠯ ᠳᠤ ᠦᠨᠳᠦᠰᠦᠨ ᠱᠠᠲᠤᠨ ᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢᠨ | ᠤᠳᠤᠷᠢᠳᠤᠮᠵᠢ ᠶᠢ ᠪᠠᠷᠢᠮᠲᠠᠯᠠᠵᠤ᠂ ᠪᠤᠯᠪᠠᠰᠤᠷᠠᠯ ᠤᠨ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢ ᠦᠨᠡᠨ ᠬᠦ | ᠪᠠᠲᠤᠯᠠᠪᠠ᠃ ᠵᠡᠮᠳᠡᠭᠴᠦᠳ ᠤᠨ ᠨᠡᠶᠢᠭᠡᠮ ᠳᠤ ᠪᠦᠬᠦ ᠲᠠᠯ᠎ᠠ ᠪᠠᠷ ᠠᠭᠤᠰᠤᠯᠴᠠᠬᠤ ᠶᠢ ᠠᠬᠢᠭᠤᠯᠬᠤ᠂ ᠵᠡᠮᠳᠡᠭᠴᠦᠳ ᠢ | ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠣᠯᠴᠠᠭᠤᠯᠬᠤ᠂ | ᠨᠡᠶᠢᠭᠡᠮ ᠤᠨ ᠪᠣᠳᠠᠰ ᠤᠨ ᠪᠣᠯᠪᠠᠰᠤᠨ ᠤ ᠦᠷ᠎ᠡ ᠪᠦᠲᠦᠭᠡᠯ ᠢ ᠬᠠᠮᠲᠤ ᠳᠠᠭᠠᠨ ᠡᠳ᠋ᠯᠡᠭᠦᠯᠬᠦ ᠪᠠᠷ ᠵᠣᠷᠢᠯᠲᠠ ᠪᠣᠯᠭᠠᠵᠤ᠂ | ᠵᠡᠮᠳᠡᠭᠴᠦᠳ ᠤᠨ ᠦᠨᠳᠦᠰᠦᠨ ᠮᠡᠳᠡᠭᠡ ᠵᠠᠩᠭᠢ ᠶᠢᠨ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠲᠠᠶᠢᠯᠤᠮᠵᠢ ᠬᠢᠭᠡᠳ ᠰᠠᠭᠤᠷᠢ ᠦᠢᠯᠡᠴᠢᠯᠡᠭᠡᠨ ᠤ ᠠᠵᠢᠯ ᠤᠨ ᠲᠣᠭᠤᠷᠢᠨ ᠳᠤ᠂ ᠦᠨᠡᠮᠯᠡᠯ ᠭᠦᠢᠴᠡᠳᠬᠡᠬᠦ | ᠦᠢᠯᠡᠴᠢᠯᠡᠭᠡᠨ᠂ ᠡᠷᠡᠭᠦᠯᠵᠢᠭᠦᠯᠬᠦ ᠦᠢᠯᠡᠴᠢᠯᠡᠭᠡᠨ ᠪᠣᠯᠤᠨ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠵᠡᠷᠭᠡ ᠶᠢ | ᠪᠠᠭᠲᠠᠭᠠᠭᠰᠠᠨ ᠰᠢᠰᠲ᠋ᠧᠮ ᠲᠠᠢ ᠲᠠᠶᠢᠯᠤᠮᠵᠢ ᠬᠢᠬᠦ ᠶᠢᠨ ᠬᠠᠮᠲᠤ ᠲᠤᠰᠬᠠᠶ ᠲᠤᠰᠢᠶᠠᠯᠲᠤ ᠭᠡᠰᠢᠭᠦᠨ ᠤ ᠦᠢᠯᠡᠳᠦᠯ ᠢ | ᠪᠠᠳᠠᠷᠠᠭᠤᠯᠬᠤ ᠳᠤ ᠲᠤᠰᠬᠠᠶ ᠰᠡᠳᠦᠪᠲᠦ ᠪᠤᠯᠪᠠᠰᠤᠷᠠᠯ ᠬᠢᠪᠡ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠮᠠᠨ ᠤ ᠪᠠᠯᠭᠠᠰᠤᠨ ᠤ ᠵᠡᠮᠳᠡᠭᠴᠦᠳ ᠤᠨ ᠠᠮᠢᠳᠤᠷᠠᠯ ᠤᠨ | ᠪᠠᠲᠤᠯᠠᠭ᠎ᠠ ᠶᠢᠨ ᠠᠵᠢᠯ ᠢ ᠪᠦᠲᠦᠮᠵᠢᠲᠡᠶ ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ | ᠬᠥᠭᠵᠢᠯᠲᠡ ᠶᠢ ᠠᠬᠢᠭᠤᠯᠪᠠ᠃ ᠲᠠᠷᠠᠭᠠᠴᠢ ᠪᠠᠷ ᠲᠣᠰ ᠤᠳᠠᠭᠠᠨ ᠤ ᠪᠤᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ | ᠦᠨᠡᠮᠯᠡᠯ ᠲᠠᠢ ᠵᠡᠮᠳᠡᠭᠴᠦᠳ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠲᠤᠰᠬᠠᠶ | ᠲᠤᠰᠢᠶᠠᠯᠲᠤ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠬᠤᠯᠪᠣᠭᠠᠲᠤ ᠬᠤᠷᠠᠯ ᠤᠨ | ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | | | | | | |