ᠡᠷᠬᠡ ᠲᠡᠭᠰᠢ ᠪᠠᠷ ᠥᠷᠢᠰᠥᠯᠳᠦᠬᠦ ᠣᠷᠴᠢᠨ ᠲᠣᠭᠤᠷᠢᠨ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2025/4/22
    ᠠᠵᠤ ᠠᠬᠤᠢ ᠶᠢᠨ ᠬᠥᠭᠵᠢᠯᠲᠡ ᠶᠢᠨ ᠠᠤᠭ᠎ᠠ ᠵᠢᠷᠤᠭ ᠲᠤ᠂ ᠡᠷᠬᠡ ᠲᠡᠭᠰᠢ ᠥᠷᠢᠰᠥᠯᠳᠦᠭᠡᠨ ᠨᠢ ᠶᠠᠭ ᠰᠠᠭᠤᠷᠢ ᠴᠢᠯᠠᠭᠤ ᠮᠡᠲᠦ᠂ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠳᠢᠭᠯᠢᠮ ᠲᠠᠢ ᠠᠵᠢᠯᠯᠠᠭᠠᠨ ᠢ ᠲᠤᠯᠭᠠᠭᠤᠷᠢᠯᠠᠵᠤ ᠪᠠᠶᠢᠳᠠᠭ᠃ ᠵᠢᠤ ᠶᠤᠸᠠᠨ ᠲᠤᠭᠤᠷᠢᠭ ᠲᠤ ᠠᠪᠴᠤ ᠬᠡᠯᠡᠪᠡᠯ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠪᠦᠲᠦᠮᠵᠢᠲᠡᠶ ᠬᠡᠷᠡᠭᠵᠢᠭᠦᠯᠬᠦ ᠪᠣᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ ᠪᠣᠯᠤᠨ᠎ᠠ᠃ ᠲᠡᠷᠡ ᠨᠢ ᠵᠠᠬ᠎ᠠ ᠳᠡᠯᠭᠡᠭᠦᠷ ᠤᠨ ᠪᠠᠬᠢᠯᠡᠯᠲᠡ ᠶᠢ ᠡᠪᠳᠡᠵᠦ᠂ ᠵᠠᠰᠠᠭ ᠤᠨ ᠣᠷᠳᠣᠨ ᠵᠠᠬ᠎ᠠ ᠳᠡᠯᠭᠡᠭᠦᠷ ᠲᠤ ᠬᠡᠲᠦᠷᠬᠡᠶ ᠭᠠᠷ ᠲᠦᠷᠦᠭᠦ ᠶᠢ ᠰᠡᠷᠭᠡᠶᠢᠯᠡᠵᠦ ᠴᠢᠳᠠᠬᠤ ᠪᠠᠷ ᠪᠠᠷᠠᠬᠤ ᠦᠭᠡᠢ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠳᠠᠯᠢ ᠨᠢᠭᠡᠨ ᠡᠬᠢᠯᠡᠯᠲᠡ ᠶᠢᠨ ᠱᠤᠭᠤᠮ ᠳᠡᠭᠡᠷ᠎ᠡ ᠡᠷᠬᠡ ᠲᠡᠭᠰᠢ ᠪᠠᠷ ᠥᠷᠢᠰᠥᠯᠳᠦᠬᠦ ᠶᠢ ᠤᠯᠠᠮ  ᠪᠠᠲᠤᠯᠠᠵᠤ ᠴᠢᠳᠠᠨ᠎ᠠ᠃《 ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠠᠷᠭ᠎ᠠ 》ᠵᠢᠴᠢ《 ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ 》 ᠢ ᠭᠦᠨᠵᠡᠭᠡᠶ ᠰᠤᠷᠤᠯᠴᠠᠵᠤ᠂  ᠵᠢᠤ ᠶᠤᠸᠠᠨ ᠲᠣᠭᠤᠷᠢᠭ ᠤᠨ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 4 ᠰᠠᠷ᠎ᠠ ᠶᠢᠨ 16  ᠤ ᠡᠳᠦᠷ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ ᠠᠴᠠ ᠪᠤᠭᠤᠲᠤ ᠬᠤᠲᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ ᠶᠢᠨ ᠬᠤᠶᠠᠷ ᠢ ᠡᠰᠡᠷᠭᠦᠴᠡᠬᠦ ᠲᠣᠪᠴᠢᠶ᠎ᠠ ᠶᠢᠨ ᠸᠠᠩ ᠭᠠᠩ ᠢ ᠲᠣᠰ ᠤᠳᠠᠭᠠᠨ ᠤ ᠲᠤᠬᠠᠶᠢᠯᠠᠭᠰᠠᠨ ᠠᠵᠢᠯ ᠤᠨ ᠲᠤᠰᠬᠠᠶ ᠰᠡᠳᠦᠪᠲᠦ ᠪᠤᠯᠪᠠᠰᠤᠷᠠᠯ ᠤᠨ ᠬᠤᠷᠠᠯ ᠳᠤ ᠲᠤᠰᠬᠠᠶᠢᠯᠠᠨ ᠤᠷᠢᠵᠤ ᠬᠢᠴᠢᠶᠡᠯᠯᠡᠭᠦᠯᠪᠡ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠨᠡᠶᠢᠲᠡ 20 ᠨᠢᠭᠡᠴᠡ ᠲᠣᠰ ᠤᠳᠠᠭᠠᠨ ᠤ ᠲᠤᠰᠬᠠᠶ ᠰᠡᠳᠦᠪᠲᠦ ᠪᠤᠯᠪᠠᠰᠤᠷᠠᠯ ᠤᠨ ᠬᠤᠷᠠᠯ ᠳᠤ ᠣᠷᠣᠯᠴᠠᠪᠠ᠃    ᠲᠣᠰ ᠤᠳᠠᠭᠠᠨ ᠤ ᠪᠤᠯᠪᠠᠰᠤᠷᠠᠯ ᠨᠢ ᠲᠥᠪ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠨᠠᠶᠢᠳᠠᠪᠤᠷᠢᠵᠢᠭᠤᠯᠤᠭᠰᠠᠨ ᠠᠬᠤᠶ ᠪᠠᠶᠢᠳᠠᠯ᠂ ᠬᠢᠨᠠᠨ ᠪᠠᠶᠢᠴᠠᠭᠠᠬᠤ ᠪᠠᠷᠢᠮᠵᠢᠶ᠎ᠠ ᠪᠠ ᠴᠤᠪᠤᠷᠠᠯ ᠤᠨ ᠲᠣᠭᠤᠷᠢᠨ ᠳᠤ ᠶᠠᠪᠤᠭᠳᠠᠪᠠ᠃ ᠡᠭᠦᠨ ᠳᠤ ᠬᠢᠨᠠᠨ ᠪᠠᠶᠢᠴᠠᠭᠠᠬᠤ ᠳᠤᠮᠳᠠᠬᠢ《 ᠳᠥᠷᠪᠡᠨ ᠶᠡᠭᠡ ᠬᠡᠰᠡᠭ 》᠂ ᠲᠤᠬᠠᠶᠢᠯᠠᠪᠠᠯ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠪᠠᠷᠢᠮᠵᠢᠶ᠎ᠠ᠂ ᠲᠠᠸᠠᠷ ᠪᠠ ᠬᠦᠴᠦᠨ ᠵᠦᠢᠯ ᠤᠨ ᠴᠢᠯᠥᠭᠡᠲᠡᠶ ᠰᠢᠯᠵᠢᠬᠦ ᠪᠠᠷᠢᠮᠵᠢᠶ᠎ᠠ᠂ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠨᠥᠯᠥᠭᠡᠯᠡᠬᠦ ᠪᠠᠷᠢᠮᠵᠢᠶ᠎ᠠ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠨᠥᠯᠥᠭᠡᠯᠡᠬᠦ ᠪᠠᠷᠢᠮᠵᠢᠶ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠨᠡᠶᠢᠲᠡᠯᠢᠭ ᠬᠡᠷᠡᠭ ᠤᠨ ᠵᠠᠳᠠᠯᠤᠯᠲᠠ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠲᠤ ᠪᠠᠷᠢᠮᠵᠢᠶ᠎ᠠ ᠨᠢᠭᠡᠪᠦᠷᠢ ᠶᠢᠨ ᠪᠣᠳᠠᠲᠠᠶ ᠬᠢᠨᠠᠨ ᠪᠠᠶᠢᠴᠠᠭᠠᠯᠲᠠ ᠳᠤᠮᠳᠠᠬᠢ ᠬᠡᠷᠡᠭᠯᠡᠯᠲᠡ ᠶᠢ ᠭᠦᠨᠵᠡᠭᠡᠶ ᠣᠶᠢᠯᠠᠭᠠᠭᠤᠯᠵᠤ᠂ ᠶᠠᠮᠠᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠥᠷᠢᠰᠥᠯᠳᠦᠭᠡᠨ ᠢ ᠠᠷᠢᠯᠭᠠᠬᠤ᠂ ᠬᠢᠵᠠᠭᠠᠷᠯᠠᠬᠤ ᠲᠦᠭᠰᠢᠭᠦᠷᠢ ᠣᠷᠣᠰᠢᠵᠤ ᠮᠡᠳᠡᠬᠦ ᠶᠢ ᠲᠣᠳᠣᠷᠬᠠᠶᠢᠯᠠᠪᠠ᠃ ᠴᠤᠪᠤᠷᠠᠯ ᠤᠨ ᠲᠠᠯ᠎ᠠ ᠪᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ᠂ ᠬᠢᠨᠠᠨ ᠪᠠᠶᠢᠴᠠᠭᠠᠬᠤ ᠠᠴᠠ ᠳᠠᠷᠠᠭᠠᠬᠢ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠬᠦᠷᠲᠡᠯᠡᠬᠢ ᠪᠥᠬᠦ ᠶᠠᠪᠤᠴᠠ ᠶᠢᠨ ᠭᠤᠤᠯᠳᠠᠯᠭ᠎ᠠ ᠶᠢ ᠨᠠᠷᠢᠨ ᠲᠠᠶᠢᠯᠪᠤᠷᠢᠯᠠᠵᠤ᠂ ᠡᠯ᠎ᠡ ᠭᠤᠭᠴᠣᠭᠠᠨ ᠤ ᠬᠠᠷᠢᠭᠤᠴᠠᠯᠭ᠎ᠠ ᠶᠢᠨ ᠭᠤᠤᠯ ᠴᠣᠭᠴᠠ ᠪᠠ ᠴᠠᠭ ᠤᠨ ᠵᠠᠩᠭᠢᠯᠠᠭ᠎ᠠ ᠶᠢ ᠴᠢᠬᠤᠯᠠᠴᠢᠯᠠᠵᠤ᠂ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃    ᠡᠭᠦᠨ ᠤ ᠬᠠᠮᠲᠤ ᠬᠤᠷᠠᠯ ᠠᠴᠠ 4 ᠰᠠᠷ᠎ᠠ ᠶᠢᠨ 20  ᠤ ᠡᠳᠦᠷ ᠵᠢᠩᠬᠢᠨᠢ ᠪᠠᠷ ᠬᠡᠷᠡᠭᠵᠢᠭᠦᠯᠬᠦ ᠭᠡᠵᠦ ᠪᠠᠶᠢᠭ᠎ᠠ《 ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠠᠷᠭ᠎ᠠ 》 ᠶᠢᠨ ᠠᠭᠤᠯᠭ᠎ᠠ ᠨᠢ ᠤᠯᠠᠮ ᠨᠠᠷᠢᠨ᠂ ᠵᠢᠷᠤᠮᠵᠢᠭᠤᠯᠬᠤ ᠭᠤᠭᠴᠤᠭ᠎ᠠ ᠨᠢ ᠤᠯᠠᠮ ᠲᠣᠳᠣᠷᠬᠠᠶ ᠪᠣᠯᠵᠣ᠂ ᠡᠯ᠎ᠡ ᠨᠢᠭᠡᠴᠡ ᠭᠦᠨᠵᠡᠭᠡᠶ ᠰᠤᠷᠤᠯᠴᠠᠬᠤ ᠬᠡᠷᠡᠭᠲᠡᠶ ᠭᠡᠵᠦ ᠢᠯᠡᠷᠬᠡᠶᠢᠯᠡᠵᠡᠶ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ ᠲᠣᠪᠴᠢᠶ᠎ᠠ ᠭᠤᠷᠪᠠᠨ ᠲᠠᠯ᠎ᠠ ᠪᠠᠷ ᠬᠦᠴᠦᠯᠡᠵᠦ ᠵᠢᠤ ᠶᠤᠸᠠᠨ ᠲᠣᠭᠤᠷᠢᠭ ᠤᠨ ᠡᠯ᠎ᠡ ᠨᠢᠭᠡᠴᠢ ᠲᠠᠢ ᠬᠠᠮᠲᠤ ᠪᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠬᠠᠮᠲᠤ ᠪᠠᠷ ᠰᠢᠨ᠎ᠡ ᠳᠡᠭᠲᠡᠷ ᠲᠤ ᠭᠠᠷᠭᠠᠬᠤ ᠪᠣᠯᠤᠨ᠎ᠠ᠃ ᠨᠢᠭᠡ ᠳᠤ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠣᠯᠠᠨ ᠠᠷᠭ᠎ᠠ ᠵᠠᠮ ᠢᠶᠠᠷ ᠲᠥᠪ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠤᠬᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠤ ᠠᠬᠤᠶᠢᠯᠠᠯ ᠪᠠ ᠨᠡᠶᠢᠭᠡᠮ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠲᠥᠪ ᠭᠤᠤᠯᠴᠢ ᠪᠠᠷ ᠥᠷᠢᠰᠦᠯᠳᠦᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︔ ᠬᠤᠶᠠᠷ ᠲᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠠᠵᠢᠯ ᠤᠨ ᠡᠳᠦᠷ ᠲᠤᠲᠤᠮ ᠤᠨ ᠬᠢᠨᠠᠯᠲᠠ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠬᠢᠨᠠᠨ ᠪᠠᠶᠢᠴᠠᠭᠠᠬᠤ ᠠᠵᠢᠯ ᠤᠨ《 ᠡᠷᠬᠢᠨ ᠬᠠᠷᠠᠬᠤ 》ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠪᠠᠲᠤᠯᠠᠨ᠎ᠠ︔ ᠭᠤᠷᠪᠠ ᠳᠤ ᠬᠢᠨᠠᠨ ᠪᠠᠶᠢᠴᠠᠭᠠᠬᠤ ᠡᠩᠨᠡᠭᠡ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠪᠠᠶᠢᠩᠭᠤᠵᠢᠭᠰᠠᠨ ᠪᠤᠯᠪᠠᠰᠤᠷᠠᠯ ᠪᠠ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠬᠤ ᠶᠢ ᠵᠣᠷᠢᠭᠵᠢᠭᠤᠯᠵᠤ᠂ ᠵᠢᠤ ᠶᠤᠸᠠᠨ ᠲᠣᠭᠤᠷᠢᠭ ᠤᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号