4 ᠰᠠᠷ᠎ᠠ ᠶᠢᠨ 17 ᠤ ᠡᠳᠦᠷ᠂ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠳᠡᠳ᠋ | ᠬᠡᠷᠡᠭ ᠡᠷᠬᠢᠯᠡᠭᠴᠢᠳ ᠤᠨ ᠳᠠᠷᠤᠭ᠎ᠠ ᠡᠤ ᠶᠦᠩ ᠪᠣᠯᠤᠨ ᠵᠣᠬᠢᠶᠠᠨ ᠪᠠᠶᠢᠭᠤᠯᠬᠤ ᠬᠤᠯᠪᠣᠭᠠᠲᠤ ᠬᠡᠯᠲᠡᠰ ᠤᠨ | ᠬᠠᠷᠢᠭᠤᠴᠠᠯᠭᠠᠲᠠᠨ ᠥᠪᠥᠷ ᠮᠣᠩᠭᠤᠯ ᠤᠨ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠤᠨ ᠳᠠᠷᠤᠭ᠎ᠠ ᠶᠠᠩ ᡁᠢ | ᠸᠧᠶ ᠨᠡᠷ ᠲᠠᠢ ᠬᠠᠮᠲᠤᠷᠠᠨ᠂ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠤ ᠵᠢᠶᠠ ᠶᠢᠨ᠂ | ᠲᠠᠪᠴᠠᠩ ᠤᠨ ᠬᠠᠷᠢᠭᠤᠴᠠᠯᠭᠠᠲᠠᠨ ᠰᠥᠩ ᠸᠧᠨ ᠯᠢᠩ ᠪᠣᠯᠤᠨ ᠵᠡᠮᠳᠡᠭᠴᠦᠳ ᠤᠨ ᠲᠤᠰᠬᠠᠶ ᠭᠡᠰᠢᠭᠦᠨ ᠦ᠋ ᠰᠢᠶᠤᠤ | ᠰᠢᠶᠠ᠂ ᠬᠤᠸᠠ ᠰᠢ ᠲᠤᠤ ᠵᠡᠷᠭᠡ ᠬᠥᠮᠦᠰ ᠤᠨ ᠪᠠᠷ᠎ᠠ ᠪᠣᠯᠣᠯᠭ᠎ᠠ ᠪᠠᠷ᠂ ᠠᠭᠠᠷᠤᠲᠠᠢ ᠰᠤᠮᠤ ᠶᠢᠨ ᠬᠠᠷᠢᠶ᠎ᠠ | ᠲᠣᠭᠤᠷᠢᠭ ᠲᠤ ᠭᠦᠨᠵᠡᠭᠡᠶᠢᠷᠡᠨ᠂ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠶᠢ ᠪᠣᠯᠭᠤᠭᠠᠨ ᠲᠣᠬᠤᠨᠢᠭᠤᠯᠵᠤ᠂ | ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠵᠢᠴᠢ ᠨᠡᠶᠢᠭᠡᠮ ᠤᠨ ᠬᠠᠶᠢᠷ᠎ᠠ ᠬᠠᠯᠠᠮᠵᠢ ᠶᠢ | ᠬᠦᠷᠭᠡᠪᠡ᠃ | | | | ᠲᠣᠬᠤᠨᠢᠭᠤᠯᠬᠤ ᠳᠤᠭᠤᠶᠢᠯᠠᠩ ᠡᠩ ᠲᠡᠷᠢᠭᠦᠨ ᠳᠤ ᠢᠪᠡᠷᠬᠡᠶ ᠶᠢᠨ ᠮᠡᠰᠡ ᠵᠠᠰᠠᠯ ᠬᠢᠯᠭᠡᠭᠰᠡᠨ ᠵᠡᠮᠳᠡᠭ | ᠨᠠᠰᠤᠲᠠᠨ ᠤ ᠬᠡᠷ ᠲᠤ ᠬᠦᠷᠴᠦ᠂ ᠨᠠᠰᠤᠲᠠᠨ ᠳᠠᠯ᠎ᠠ ᠶᠢ ᠳᠠᠪᠠᠵᠤ᠂ ᠮᠥᠴᠢ ᠨᠢ ᠵᠡᠮᠳᠡᠭ ᠪᠣᠯᠣᠭᠠᠳ ᠣᠯᠠᠨ ᠵᠢᠯ | ᠪᠣᠯᠵᠣ ᠪᠠᠶᠢᠨ᠎ᠠ᠂ ᠣᠶᠢᠷ᠎ᠠ ᠶᠢᠨ ᠬᠤᠭᠤᠴᠠᠭᠠᠨ ᠤ ᠮᠡᠰᠡ ᠵᠠᠰᠠᠯ ᠨᠢ ᠦᠨᠡᠨ ᠳᠡᠭᠡᠨ ᠬᠦᠴᠢᠷᠳᠡᠯ ᠲᠠᠢ ᠬᠡᠷ ᠪᠦᠯᠢ ᠳᠤ | ᠤᠯᠠᠮ ᠶᠡᠭᠡ ᠳᠠᠷᠤᠯᠲᠠ ᠥᠭᠴᠡᠶ᠃ ᠲᠣᠬᠤᠨᠢᠭᠤᠯᠬᠤ ᠳᠤᠭᠤᠶᠢᠯᠠᠩ ᠮᠡᠰᠡ ᠵᠠᠰᠠᠯ ᠤᠨ ᠳᠠᠷᠠᠭᠠᠬᠢ ᠡᠳᠡᠭᠡᠷᠡᠯᠲᠡ ᠶᠢᠨ | ᠪᠠᠶᠢᠳᠠᠯ ᠢ ᠨᠠᠷᠢᠨ ᠠᠰᠠᠭᠤᠵᠤ᠂ ᠨᠠᠰᠤᠲᠠᠨ ᠢ ᠰᠠᠨᠠᠭ᠎ᠠ ᠠᠮᠤᠷ ᠠᠮᠠᠷᠠᠭᠤᠯᠬᠤ ᠶᠢ ᠵᠠᠬᠢᠭᠰᠠᠨ ᠤ ᠬᠠᠮᠲᠤ | ᠲᠣᠬᠤᠨᠢᠭᠤᠯᠬᠤ ᠮᠥᠩᠭᠦ ᠪᠠ ᠠᠮᠢᠳᠤᠷᠠᠯ ᠤᠨ ᠬᠡᠷᠡᠭᠰᠡᠯ ᠬᠦᠷᠭᠡᠵᠦ ᠦᠭᠪᠡ᠃ ᠳᠠᠷᠠᠭ᠎ᠠ ᠨᠢ ᠲᠣᠬᠤᠨᠢᠭᠤᠯᠬᠤ | ᠳᠤᠭᠤᠶᠢᠯᠠᠩ ᠵᠣᠵᠢᠭ ᠬᠡᠮ ᠲᠠᠢ ᠬᠡᠦᠬᠡᠳ ᠤᠨ ᠬᠡᠷ ᠲᠤ ᠬᠦᠷᠴᠦ᠂ ᠬᠡᠷ ᠤᠨ ᠠᠬᠠᠮᠠᠳ ᠲᠠᠢ ᠳᠣᠲᠣᠨᠣ ᠪᠠᠷ | ᠶᠠᠷᠢᠯᠴᠠᠵᠤ᠂ ᠬᠡᠦᠬᠡᠳ ᠤᠨ ᠡᠷᠡᠭᠦᠯᠵᠢᠯ ᠤᠨ ᠪᠣᠯᠪᠠᠰᠤᠷᠠᠯ ᠤᠨ ᠠᠬᠢᠴᠠ ᠪᠣᠯᠤᠨ ᠣᠨᠴᠠᠭᠠᠶ ᠰᠤᠷᠭᠠᠨ ᠬᠥᠮᠦᠵᠢᠯ ᠤᠨ | ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠪᠠ᠃ ᠶᠠᠩ ᠡᠪᠯᠡᠯ ᠤᠨ ᠳᠠᠷᠤᠭ᠎ᠠ ᠢᠯᠡᠷᠬᠡᠶᠢᠯᠡᠬᠦ ᠳᠡᠭᠡᠨ᠂ ᠨᠢᠭᠦᠯᠡᠰᠦᠩᠭᠦᠶ ᠶᠢᠨ | ᠦᠢᠯᠡᠰ ᠢᠶᠠᠷ ᠳᠠᠮᠵᠢᠭᠤᠯᠤᠨ ᠤᠯᠠᠮ ᠣᠯᠠᠨ ᠡᠬᠢ ᠪᠠᠶᠠᠯᠢᠭ ᠢ ᠬᠤᠯᠪᠣᠵᠤ᠂ ᠬᠡᠦᠬᠡᠳ ᠤᠨ ᠨᠡᠶᠢᠭᠡᠮ ᠳᠤ ᠠᠭᠤᠰᠤᠨ | ᠣᠷᠣᠬᠤ ᠳᠤ ᠬᠦᠴᠦ ᠨᠡᠮᠡᠷᠢᠯᠡᠨ᠎ᠡ ᠭᠡᠵᠡᠶ᠃ ᠭᠡᠷ ᠤᠨ ᠠᠬᠠᠮᠠᠳ :《 ᠲᠠᠨᠠᠷ ᠤᠨ ᠤᠳᠠᠭ᠎ᠠ ᠳᠠᠷᠠᠭᠠᠯᠠᠨ ᠬᠦᠷᠦᠯᠴᠡᠨ | ᠢᠷᠡᠭᠰᠡᠨ ᠳᠤ ᠲᠠᠯᠠᠷᠬᠠᠵᠤ ᠪᠠᠶᠢᠨ᠎ᠠ᠂ ᠪᠢᠳᠡᠨ ᠳᠤ ᠥᠨᠥᠴᠢᠨ ᠴᠡᠷᠢᠭ ᠪᠢᠰᠢ ᠭᠡᠳᠡᠭ ᠢ ᠮᠡᠳᠡᠭᠦᠯᠪᠡ 》ᠭᠡᠵᠦ | ᠰᠡᠳᠬᠢᠯ ᠳᠣᠭᠳᠣᠯᠤᠨ ᠬᠡᠯᠡᠪᠡ᠃ | ᠲᠣᠰ ᠤᠳᠠᠭ᠎ᠠ 5 ᠶᠠᠳᠠᠭᠤ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠶᠢ ᠲᠣᠬᠤᠨᠢᠭᠤᠯᠵᠤ᠂ ᠬᠦᠷᠦᠭᠰᠡᠨ | ᠡᠷᠦᠬᠡ ᠪᠣᠯᠭᠠᠨ᠂ ᠲᠣᠬᠤᠨᠢᠭᠤᠯᠬᠤ ᠳᠤᠭᠤᠶᠢᠯᠠᠩ ᠨᠢ ᠴᠥᠮ ᠵᠡᠮᠳᠡᠭᠴᠦᠳ ᠵᠢᠴᠢ ᠲᠡᠳᠡᠨ ᠤ ᠬᠡᠷ | ᠪᠦᠯᠢ ᠶᠢᠨ ᠬᠢᠨ ᠲᠠᠢ ᠨᠢᠭᠤᠷᠳᠠᠨ ᠨᠡᠪᠲᠡᠷᠡᠯᠴᠡᠵᠦ᠂ ᠡᠮ ᠡᠮᠨᠡᠯᠭᠡ ᠡᠷᠡᠭᠦᠯᠵᠢᠯ᠂ ᠠᠮᠢᠳᠤᠷᠠᠯ ᠤᠨ ᠪᠠᠲᠤᠯᠠᠭ᠎ᠠ ᠵᠡᠷᠭᠡ | ᠬᠡᠷᠡᠭᠴᠡᠭᠡ ᠶᠢ ᠣᠨᠣᠪᠴᠢᠲᠠᠶ ᠲᠡᠮᠳᠡᠭᠯᠡᠪᠡ᠃ ᠡᠤ ᠬᠡᠷᠡᠭ ᠡᠷᠬᠢᠯᠡᠭᠴᠢᠳ ᠤᠨ ᠳᠠᠷᠤᠭ᠎ᠠ ᠠᠵᠢᠯᠲᠠᠳ ᠢ ᠦᠷᠭᠦᠯᠵᠢᠯᠡᠨ | ᠳᠠᠭᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠣᠨᠴᠠᠭᠠᠶᠢᠯᠠᠨ ᠵᠠᠬᠢᠪᠠ᠃ | ᠲᠠᠷᠠᠭᠠᠴᠢ ᠪᠠᠷ᠂ ᠠᠭᠠᠷᠤᠲᠠᠢ ᠰᠤᠮᠤ ᠶᠢᠨ ᠵᠡᠮᠳᠡᠭᠴᠦᠳ ᠤᠨ ᠬᠤᠯᠪᠣᠭ᠎ᠠ ᠵᠢᠤ ᠶᠤᠸᠠᠨ ᠲᠤᠭᠤᠷᠢᠭ ᠤᠨ | ᠵᠡᠮᠳᠡᠭᠴᠦᠳ ᠤᠨ ᠬᠤᠯᠪᠣᠭ᠎ᠠ ᠲᠠᠢ ᠬᠠᠮᠵᠢᠯᠴᠠᠨ᠂《 ᠡᠷᠡᠭᠦᠯᠵᠢᠯ ᠤᠨ ᠦᠢᠯᠡᠴᠢᠯᠡᠭᠡ ᠶᠢ ᠬᠡᠷ ᠪᠦᠯᠢ ᠳᠤ | ᠬᠦᠷᠭᠡᠬᠦ 》᠂《 ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ 》ᠵᠡᠷᠭᠡ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠵᠡᠮᠳᠡᠭᠴᠦᠳ ᠤᠨ《 ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ 》 ᠢ ᠰᠡᠳᠬᠢᠯ ᠳᠡᠯᠪᠢᠨ | ᠰᠢᠢᠳᠪᠦᠷᠢᠯᠡᠵᠦ᠂ ᠬᠠᠶᠢᠷ᠎ᠠ ᠬᠠᠯᠠᠮᠵᠢ ᠶᠢ ᠦᠨᠡᠨ ᠬᠦ ᠬᠡᠷᠡᠭᠴᠡᠭᠡ ᠪᠥᠬᠦᠶ ᠬᠡᠷ ᠪᠦᠯᠢ ᠳᠤ ᠬᠦᠷᠭᠡᠨ᠎ᠡ᠃ | | | | | | |