ᠵᠢᠦ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢᠭᠡᠳᠦᠭᠡᠷ ᠤᠯᠠᠷᠢᠯ ᠤᠨ《 ᠬᠤᠤᠰ ᠲᠠᠰᠢᠷᠠᠮ᠂ ᠨᠢᠭᠡ ᠶᠢ ᠢᠯᠡ ᠪᠣᠯᠭᠠᠬᠤ 》ᠬᠠᠤᠯᠢ  ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/4/23
 11.jpg  
    ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠬᠢᠷᠲᠤᠯ ᠤᠨ ᠡᠬᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢᠭᠡᠳᠦᠭᠡᠷ ᠤᠯᠠᠷᠢᠯ ᠤᠨ《ᠬᠤᠤᠰ ᠲᠠᠰᠢᠷᠠᠮ᠂ ᠨᠢᠭᠡ ᠶᠢ ᠢᠯᠡ ᠪᠣᠯᠭᠠᠬᠤ 》ᠬᠠᠤᠯᠢ   ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃    ᠡᠮᠦᠨᠡᠬᠢ ᠬᠤᠭᠤᠴᠠᠭᠠᠨ ᠤ ᠪᠡᠯᠡᠳᠬᠡᠯ ᠤᠨ ᠱᠠᠲᠤᠨ ᠳᠤ᠂ ᠠᠵᠤ ᠠᠬᠤᠶᠢᠯᠠᠯ ᠤᠨ ᠨᠡᠷᠡᠰ ᠢ ᠬᠥᠳᠡᠯᠦᠩᠭᠦᠶ ᠪᠠᠷ ᠲᠣᠬᠢᠷᠠᠭᠤᠯᠤᠨ᠎ᠠ᠃ ᠨᠢᠳᠤᠨᠤᠨ ᠤ ᠬᠤᠤᠰ ᠲᠠᠰᠢᠷᠠᠮ ᠤᠨ ᠨᠡᠷᠡᠰ ᠤᠨ ᠬᠥᠮᠥᠷᠭᠡ ᠶᠢᠨ ᠰᠠᠭᠤᠷᠢᠨ ᠳᠡᠭᠡᠷ᠎ᠡ᠂ ᠭᠤᠤᠯᠳᠠᠯᠭ᠎ᠠ ᠲᠠᠢ ᠪᠣᠬᠢᠷᠲᠤᠯ ᠤᠨ ᠡᠬᠢ᠂ ᠡᠩ ᠤᠨ ᠪᠣᠬᠢᠷᠲᠤᠯ ᠤᠨ ᠡᠬᠢ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠪᠣᠬᠢᠷᠲᠤᠯ ᠤᠨ ᠡᠬᠢ ᠶᠢ ᠬᠤᠤᠰ ᠲᠠᠰᠢᠷᠠᠮ ᠤᠨ ᠬᠥᠮᠥᠷᠭᠡ ᠶᠢ ᠪᠠᠶᠢᠭᠤᠯᠤᠨ᠎ᠠ᠃ ᠬᠥᠮᠥᠷᠭᠡ ᠳᠤ ᠣᠷᠣᠭᠤᠯᠤᠭᠰᠠᠨ ᠨᠢ 86 ᠡᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 1 ᠣᠨᠴᠠᠭᠠᠶ ᠬᠢᠨᠠᠨ ᠬᠠᠮᠢᠶᠠᠷᠬᠤ ᠠᠵᠤ ᠠᠬᠤᠶᠢᠯᠠᠯ᠂ 41 ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠪᠣᠯᠤᠨ᠎ᠠ᠃ ᠡᠭᠦᠨ ᠤ ᠬᠠᠮᠲᠤ᠂ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠳᠤ ᠲᠣᠭᠲᠠᠭᠠᠭᠰᠠᠨ ᠬᠠᠷᠢᠴᠠᠯ ᠶᠣᠰᠣᠭᠠᠷ᠂《 ᠬᠤᠤᠰ ᠲᠠᠰᠢᠷᠠᠮ᠂ ᠨᠢᠭᠡ ᠶᠢ ᠢᠯᠡᠪᠣᠯᠭᠠᠬᠤ 》ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ᠂ ᠢᠯᠡ᠂ ᠲᠥᠪ ᠭᠤᠤᠯᠴᠢ ᠠᠷᠭ᠎ᠠ ᠮᠠᠶ᠋ᠢᠭ ᠢᠶᠠᠷ ᠪᠠᠶᠢᠴᠠᠭᠠᠬᠤ ᠡᠲᠡᠭᠡᠳ ᠢ ᠨᠢᠭᠡᠳᠦᠯᠲᠡᠶ ᠰᠤᠭᠤᠴᠢᠨ ᠠᠪᠴᠤ᠂ ᠰᠤᠭᠤᠴᠢᠨ ᠪᠠᠶᠢᠴᠠᠭᠠᠬᠤ ᠶᠢᠨ ᠰᠢᠨᠵᠢᠯᠡᠬᠦ ᠤᠬᠠᠭᠠᠨᠴᠢ ᠴᠢᠨᠠᠷ ᠪᠠ ᠲᠥᠪ ᠭᠤᠤᠯᠴᠢ ᠴᠢᠨᠠᠷ ᠢ ᠦᠨᠡᠨᠬᠦ ᠪᠠᠲᠤᠯᠠᠨ᠎ᠠ᠃    ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠎ᠠ᠃《 ᠬᠤᠤᠰ ᠲᠠᠰᠢᠷᠠᠮ᠂ ᠨᠢᠭᠡ ᠶᠢ ᠢᠯᠡ ᠪᠣᠯᠭᠠᠬᠤ》ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢ ᠲᠥᠷᠥᠯ ᠬᠤᠪᠢᠶᠠᠨ ᠬᠡᠷᠡᠭᠵᠢᠭᠦᠯᠬᠦ ᠶᠢᠨ ᠬᠠᠮᠲᠤ᠂ ᠬᠠᠷᠢᠴᠠᠯ ᠤᠳᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠠᠵᠤ ᠠᠬᠤᠶᠢᠯᠠᠯ ᠪᠠ ᠬᠠᠤᠯᠢ ᠬᠡᠷᠡᠭᠵᠢᠭᠦᠯᠬᠦ ᠠᠵᠢᠯᠲᠠᠨ ᠢ ᠲᠠᠰᠢᠷᠠᠮ ᠢᠶᠠᠷ ᠰᠣᠩᠭᠤᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠳ ᠠᠵᠤ ᠠᠬᠤᠶᠢᠯᠠᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠨᠠᠷᠢᠨ ᠨᠢᠮᠪᠠᠶ ᠪᠠᠶᠢᠴᠠᠭᠠᠯᠲᠠ ᠬᠢᠪᠠ᠃ ᠮᠠᠲ᠋ᠧᠷᠢᠶᠠᠯ ᠢ ᠪᠠᠶᠢᠴᠠᠭᠠᠨ ᠦᠵᠡᠬᠦ ᠂ ᠠᠵᠤ ᠠᠬᠤᠶᠢᠯᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠭᠦᠢᠴᠡᠳᠭᠡᠬᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠠᠪᠬᠤ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠵᠢᠴᠢ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠬᠠᠮᠢᠶᠠᠷᠤᠯᠲᠠ ᠵᠢᠴᠢ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠪᠦᠷᠢᠨ ᠭᠦᠢᠴᠡᠳ ᠪᠣᠯᠭᠠᠭᠰᠠᠨ ᠪᠠᠶᠢᠳᠠᠯ ᠢ ᠣᠶᠢᠯᠠᠭᠠᠨ᠎ᠠ︔ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ᠂ ᠪᠣᠬᠢᠷᠲᠤᠯ ᠪᠣᠳᠠᠰ ᠢ ᠭᠠᠳᠠᠭᠰᠢᠯᠠᠭᠤᠯᠵᠤ ᠪᠠᠶᠢᠭ᠎ᠠ ᠪᠠᠶᠢᠳᠠᠯ ᠨᠢ ᠲᠣᠭᠲᠠᠭᠠᠯ ᠳᠤ ᠨᠡᠶᠢᠴᠡᠬᠦ ᠡᠰᠡᠬᠦ ᠶᠢ ᠪᠠᠶᠢᠴᠠᠭᠠᠨ ᠦᠵᠡᠨ᠎ᠡ︔ ᠲᠤᠬᠠᠶ ᠶᠢᠨ ᠲᠠᠯᠠᠪᠠᠶ ᠶᠢᠨ ᠬᠠᠷᠢᠭᠤᠴᠠᠯᠭᠠᠲᠠᠨ ᠠᠴᠠ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠪᠣᠳᠠᠲᠠᠶ ᠠᠵᠢᠯᠯᠠᠭ᠎ᠠ ᠪᠠ ᠬᠠᠮᠢᠶᠠᠷᠤᠯᠲᠠ ᠶᠢᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠨ᠎ᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠠᠵᠤ ᠠᠬᠤᠶᠢᠯᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠦᠷᠢᠯᠳᠦᠭᠦᠯᠬᠦ ᠬᠡᠷᠡᠭᠲᠡᠶ ᠭᠡᠵᠦ ᠡᠷᠡᠰ ᠱᠠᠭᠠᠷᠳᠠᠪᠠ᠃ ᠡᠭᠦᠨ ᠤ ᠬᠠᠮᠲᠤ ᠬᠠᠤᠯᠢ ᠬᠡᠷᠡᠭᠵᠢᠭᠦᠯᠦᠭᠰᠡᠨ ᠤ ᠳᠠᠷᠠᠭᠠᠬᠢ ᠬᠢᠨᠠᠨ ᠪᠠᠶᠢᠴᠠᠭᠠᠯᠲᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂《 ᠪᠠᠭ᠎ᠠ ᠲᠣᠬᠢᠶᠠᠯᠳᠤᠮᠵᠢ ᠪᠠᠷ ᠰᠤᠭᠤᠴᠢᠨ ᠪᠠᠶᠢᠴᠠᠭᠠᠵᠤ᠂ ᠶᠡᠭᠡ ᠬᠡᠪᠴᠢᠶ᠎ᠡ ᠪᠠᠷ ᠰᠦᠷᠳᠡᠭᠦᠯᠬᠦ 》ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠳᠤ ᠦᠨᠡᠨ ᠬᠦ ᠬᠦᠷᠦᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠦᠨᠡᠨᠬᠦ ᠭᠦᠢᠴᠡᠳᠬᠡᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠠᠬᠢᠭᠤᠯᠤᠨ᠎ᠠ᠃  《 ᠬᠡᠨ ᠪᠠᠶᠢᠴᠠᠭᠠᠪᠠᠯ᠂ ᠲᠡᠷᠡ ᠰᠢᠩᠭᠡᠭᠡᠨ ᠣᠷᠣᠭᠤᠯᠬᠤ᠂ ᠲᠡᠷᠡ ᠢᠯᠡ ᠪᠣᠯᠭᠠᠬᠤ 》ᠵᠠᠷᠴᠢᠮ ᠶᠣᠰᠣᠭᠠᠷ᠂ ᠪᠠᠶᠢᠴᠠᠭᠠᠭᠰᠠᠨ ᠦᠷ᠎ᠡ ᠳ᠋ᠦᠩ ᠵᠡᠷᠭᠡ ᠪᠠᠶᠢᠳᠠᠯ ᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ《 ᠬᠤᠤᠰ ᠲᠠᠰᠢᠷᠠᠮ᠂ ᠨᠢᠭᠡ ᠶᠢ ᠢᠯᠡ ᠪᠣᠯᠭᠠᠬᠤ 》ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ᠎ᠠ᠃ ᠨᠢᠭᠡᠳᠦᠭᠡᠷ ᠤᠯᠠᠷᠢᠯ ᠳᠤ ᠨᠡᠶᠢᠲᠡ 15 ᠠᠵᠤ ᠠᠬᠤᠶᠢᠯᠠᠯ ᠢ ᠰᠤᠭᠤᠴᠢᠨ ᠪᠠᠶᠢᠴᠠᠭᠠᠵᠤ᠂ ᠡᠭᠦᠨ ᠳᠤ ᠡᠩ ᠤᠨ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ 7᠂ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ 8 ᠪᠠᠶᠢᠵᠤ᠂ ᠬᠠᠤᠯᠢ ᠬᠡᠷᠡᠭᠵᠢᠭᠦᠯᠬᠦ ᠠᠵᠢᠯᠲᠠᠨ 30 ᠬᠥᠳᠡᠯᠭᠡᠪᠡ᠃ ᠪᠠᠶᠢᠴᠠᠭᠠᠭᠰᠠᠨ ᠦᠷ᠎ᠡ ᠳ᠋ᠦᠩ ᠢ ᠴᠥᠮ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠵᠤ᠂ ᠣᠯᠠᠨ ᠨᠡᠶᠢᠲᠡ ᠶᠢᠨ ᠬᠢᠨᠠᠯᠲᠠ ᠲᠠᠯᠪᠢᠬᠤ ᠶᠢ ᠬᠦᠯᠢᠶᠡᠨ᠎ᠡ᠃ ᠠᠵᠤ ᠠᠬᠤᠶᠢᠯᠠᠯ ᠤᠨ ᠤᠬᠠᠮᠰᠠᠷ ᠠᠴᠠ ᠪᠠᠨ ᠬᠠᠤᠯᠢ ᠶᠢ ᠰᠠᠬᠢᠬᠤ ᠪᠠ ᠰᠠᠶᠢᠨ ᠰᠠᠶᠢᠬᠠᠨ ᠢᠲᠡᠭᠡᠮᠵᠢ ᠲᠠᠢ ᠪᠠᠶᠢᠬᠤ ᠶᠢ ᠠᠬᠢᠭᠤᠯᠵᠤ᠂ ᠢᠯᠡ ᠲᠣᠳᠣ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠲᠥᠪ ᠭᠤᠤᠯᠴᠢ ᠬᠢᠨᠠᠨ ᠬᠠᠮᠢᠶᠠᠷᠬᠤ ᠶᠢᠨ ᠣᠷᠴᠢᠨ ᠲᠣᠭᠤᠷᠢᠨ ᠢ ᠪᠣᠶ ᠪᠤᠯᠭᠠᠪᠠ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ《 ᠬᠤᠤᠰ ᠲᠠᠰᠢᠷᠠᠮ᠂ ᠨᠢᠭᠡ ᠶᠢ ᠢᠯᠡ ᠪᠣᠯᠭᠠᠬᠤ 》ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠲᠠᠨ ᠤ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠴᠢᠳᠠᠮᠵᠢ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠰᠠᠬᠢᠨ ᠬᠠᠮᠠᠭᠠᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号