ᠲᠢᠶᠠᠨᠵᠢᠨ ᠪᠤᠭᠤᠲᠤ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠠᠷᠠᠭᠠᠨ ᠤ ᠭᠦᠢᠯᠭᠡᠭᠡᠨ ᠤ ᠵᠠᠮ ᠢ ᠬᠠᠮᠲᠤ ᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2025/4/23
    ᠲᠢᠶᠠᠨᠵᠢᠨ ᠪᠣᠯᠤᠨ ᠪᠤᠭᠤᠲᠤ ᠬᠤᠶᠠᠷ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠡᠯᠡᠶ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 15  ᠤ ᠡᠳᠦᠷ᠂ ᠲᠢᠶᠠᠨᠵᠢᠨ ᠬᠤᠲᠠ ᠶᠢᠨ ᠲᠢᠶᠠᠨᠵᠢᠨ ᠭᠠᠷᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠠᠵᠤ ᠠᠬᠤᠶᠢᠴᠢ ᠴᠧᠨ ᠰᠢᠤᠸᠠᠢ ᠵᠢᠶᠠᠨ ᠠᠩᠭᠢ ᠳᠠᠭᠠᠭᠤᠯᠤᠨ ᠮᠠᠨ ᠤ ᠬᠤᠲᠠ ᠳᠤ ᠬᠦᠷᠴᠦ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠰᠢᠨᠵᠢᠯᠡᠨ ᠪᠠᠶᠢᠴᠠᠭᠠᠪᠠ᠃ ᠵᠢᠦ ᠶᠤᠸᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠤᠭᠤᠲᠤ ᠶᠢᠨ ᠲᠡᠮᠦᠷ ᠵᠠᠮ ᠤᠨ ᠪᠠᠷᠠᠭᠠᠨ ᠤ  ᠭᠦᠢᠯᠭᠡᠭᠡᠨ ᠤ ᠲᠥᠪ ᠲᠠᠢ ᠭᠦᠨᠵᠡᠭᠡᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠡᠮᠦᠷ ᠪᠠ ᠳᠠᠯᠠᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠨᠢᠭᠡ ᠬᠠᠭᠤᠳᠠᠰᠤ ᠶᠢᠨ ᠳᠦᠷᠢᠮᠲᠦ ᠲᠡᠭᠡᠭᠡᠪᠦᠷᠢ ᠶᠢ ᠠᠬᠢᠭᠤᠯᠬᠤ᠂ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠬᠦ᠂ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠨᠡᠮᠡᠭᠳᠡᠭᠦᠯᠬᠦ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃    ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠨᠢ ᠲᠢᠶᠠᠨᠵᠢᠨ ᠭᠠᠷᠠᠮ ᠤᠨ ᠡᠬᠢ ᠪᠠᠶᠠᠯᠢᠭ ᠤᠨ ᠳᠠᠪᠠᠭᠤᠯᠢᠭ ᠢ ᠪᠤᠭᠤᠲᠤ ᠶᠢᠨ ᠳᠣᠲᠣᠭᠠᠳᠤ ᠬᠠᠭᠤᠷᠠᠢ ᠶᠢᠨ ᠬᠦᠢᠰᠦ ᠪᠠᠷᠢᠯᠭ᠎ᠠ ᠲᠠᠢ ᠤᠶᠠᠯᠳᠤᠭᠤᠯᠵᠤ᠂ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ᠂《 ᠨᠢᠭᠡ ᠪᠦᠰᠡ ᠨᠢᠭᠡ ᠵᠠᠮ 》 ᠤᠨ ᠪᠦᠳᠦᠭᠡᠨ ᠪᠠᠶᠢᠭᠤᠯᠤᠯᠲᠠ ᠪᠣᠯᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号