ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/4/24
    4 ᠰᠠᠷ᠎ᠠ ᠶᠢᠨ 22  ᠤᠨ ᠡᠳᠦᠷ᠂ ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ《 ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ 》 ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂《 ᠵᠢᠤ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ 》《 ᠵᠢᠤ ᠶᠤᠸᠠᠨ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠲᠥᠰᠦᠯ 》《 ᠵᠢᠤ ᠶᠤᠸᠠᠨ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ 》《 ᠵᠢᠤ ᠶᠤᠸᠠᠨ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠥᠰᠦᠯ 》《 ᠵᠢᠤ ᠶᠤᠸᠠᠨ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠲᠣᠭᠤᠷᠢᠨ ᠪᠠᠶᠢᠴᠠᠭᠠᠬᠤ ᠠᠵᠢᠯ ᠤᠨ ᠲᠦᠷᠢᠮ 》《 ᠵᠢᠤ ᠶᠤᠸᠠᠨ ᠲᠤᠭᠤᠷᠢᠭ ᠤᠨ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠠᠵᠢᠯ ᠢ ᠵᠢᠷᠤᠮᠵᠢᠭᠤᠯᠬᠤ ᠠᠷᠭ᠎ᠠ ᠬᠡᠮᠵᠢᠶ᠎ᠡ 》《 ᠵᠢᠤ ᠶᠤᠸᠠᠨ ᠲᠤᠭᠤᠷᠢᠭ ᠤᠨ 2025 ᠣᠨ ᠤ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ 》《 ᠵᠢᠤ ᠶᠤᠸᠠᠨ ᠲᠤᠭᠤᠷᠢᠭ ᠤᠨ 2025 ᠣᠨ ᠤ ᠣᠶ ᠰᠢᠭᠤᠶ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ 》ᠵᠡᠷᠭᠡ ᠶᠢ  ᠰᠤᠳᠤᠯᠤᠨ ᠬᠢᠨᠠᠨ ᠵᠦᠪᠯᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃
11.jpg
    ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠰᠢᠶᠤᠤ ᠫᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠣᠶᠣᠯ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠲᠡᠦᠬᠡ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠡᠭᠡᠳᠦ ᠱᠠᠲᠤᠨ ᠠᠴᠠ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠪᠦᠷᠢᠨ ᠲᠡᠭᠦᠯᠳᠡᠷ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠬᠠᠭᠤᠯᠵᠤ ᠠᠰᠢᠭᠯᠠᠬᠤ ᠶᠢ ᠴᠢᠩᠭᠠᠳᠬᠠᠵᠤ᠂《 ᠰᠣᠶᠣᠯ ᠤᠨ ᠥᠨᠳᠦᠷᠯᠢᠭ 》 ᠢ ᠪᠠᠶᠢᠭᠤᠯᠬᠤ ᠠᠵᠠ ᠲᠣᠬᠢᠶᠠᠯ ᠲᠠᠢ ᠤᠶᠠᠯᠳᠤᠭᠤᠯᠤᠨ᠂ ᠤᠯᠠᠮ ᠣᠯᠠᠨ ᠰᠢᠯᠢᠳᠡᠭ ᠰᠣᠶᠣᠯ ᠵᠢᠭᠤᠯᠴᠢᠯᠠᠯ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠦᠲᠦᠮᠵᠢᠲᠡᠶ ᠦᠢᠯᠡᠴᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠤᠯᠠᠨ ᠢᠯᠵᠢᠷᠡᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠠᠳᠬᠤᠵᠤ᠂ ᠤᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠢᠭᠲᠠ ᠬᠠᠮᠵᠢᠯᠴᠠᠵᠤ᠂ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠤᠬᠠᠭᠤᠯᠭ᠎ᠠ ᠬᠥᠮᠦᠵᠢᠯ ᠢᠶᠠᠷ ᠬᠦᠳᠦᠯᠥᠨ ᠵᠢᠯᠣᠭᠤᠳᠬᠤ ᠪᠠᠨ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠳ᠋ᠦᠩᠨᠡᠵᠦ᠂ ᠢᠯᠵᠢᠷᠡᠯ ᠢ ᠵᠠᠯᠠᠷᠠᠭᠤᠯᠬᠤ ᠪᠠᠷ ᠲᠥᠪ ᠰᠤᠷᠲᠠᠯ ᠢ ᠳᠠᠶᠢᠴᠢᠯᠠᠨ᠎ᠠ᠃ ᠲᠣᠰ ᠬᠦᠷᠢᠶᠡᠨ ᠤ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠠᠰᠠᠭᠤᠳᠠᠯ ᠤᠨ ᠰᠦᠪᠡᠭᠴᠢ ᠶᠢ ᠭᠦᠨᠵᠡᠭᠡᠶ ᠥᠷᠭᠡᠨ ᠢᠶᠠᠷ ᠴᠤᠭᠯᠠᠭᠤᠯᠵᠤ᠂ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠦᠨ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ᠂ ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ ᠵᠡᠷᠭᠡ《 ᠠᠬᠤᠶ ᠲᠠᠯᠠᠪᠠᠶ ᠶᠢᠨ ᠪᠤᠰᠤ 》ᠬᠠᠤᠯᠢ ᠬᠡᠷᠡᠭᠵᠢᠭᠦᠯᠬᠦ ᠵᠠᠭᠪᠤᠷ ᠲᠤ ᠲᠦᠰᠢᠭᠯᠡᠨ᠂ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠲᠠᠢ ᠪᠦᠲᠦᠮᠵᠢᠲᠡᠶ ᠵᠣᠯᠭᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠮᠡᠳᠡᠷᠡᠭᠳᠡᠬᠦ ᠪᠣᠯᠭᠠᠬᠤ ᠬᠡᠷᠡᠭᠲᠡᠶ᠃ ᠭᠤᠣᠯ ᠮᠥᠷᠡᠨ ᠤ ᠳᠠᠷᠤᠭ᠎ᠠ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠠᠵᠢᠯ ᠢ  ᠨᠠᠷᠢᠨ ᠨᠠᠶᠢᠳᠠᠪᠤᠷᠢᠵᠢᠭᠤᠯᠵᠤ᠂ ᠭᠤᠣᠯ ᠮᠦᠷᠡᠨ ᠢ ᠲᠤᠭᠤᠷᠢᠨ ᠪᠠᠶᠢᠴᠠᠭᠠᠬᠤ᠂ ᠤᠢ ᠰᠢᠭᠤᠢ ᠶᠢ ᠲᠤᠭᠤᠷᠢᠨ ᠪᠠᠶᠢᠴᠠᠭᠠᠬᠤ᠂ ᠪᠣᠬᠢᠷᠲᠤᠯ ᠢ ᠵᠠᠰᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠡᠷᠴᠢᠮ ᠢᠶᠠᠨ ᠴᠢᠩᠭᠠᠳᠬᠠᠵᠤ᠂  ᠵᠢᠤ ᠶᠤᠸᠠᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号