ᠵᠢᠦ ᠶᠤᠸᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠣᠯᠠᠨ ᠠᠵᠤ ᠠᠬᠤᠶᠢᠯᠠᠯ ᠢ ᠬᠠᠪᠰᠤᠷᠤᠨ ᠦᠨᠡᠮᠯᠡᠯ ᠭᠦᠢᠴᠡᠳᠭᠡᠬᠦ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/4/24
    ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠶᠢᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠤᠰᠠᠳᠠ᠂ ᠵᠢᠦ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠵᠢᠦ ᠶᠤᠸᠠᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠨᠢ ᠠᠵᠤ ᠠᠬᠤᠶᠢᠯᠠᠯ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠵᠣᠯᠭᠠᠯᠳᠤᠵᠤ᠂ ᠠᠵᠤ ᠠᠬᠤᠶᠢᠯᠠᠯ ᠢ ᠬᠠᠪᠰᠤᠷᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠠᠵᠢᠯ ᠤᠨ ᠳᠤᠮᠳᠠ ᠢᠯᠡᠳᠲᠡ ᠦᠷ᠎ᠡ ᠪᠦᠲᠦᠮᠵᠢ ᠤᠯᠪᠠ᠃
11.jpg
    ᠦᠢᠷ᠎ᠠ ᠶᠢᠨ ᠬᠤᠭᠤᠴᠠᠭ᠎ᠠ᠃ ᠪᠤᠭᠤᠲᠤ ᠶᠢᠨ ᠵᠦᠩ ᠶᠤᠸᠠᠨ ᠵᠢᠯ ᠳᠤ 1 ᠲᠦᠮᠡᠨ ᠲᠣᠨ ᠪᠣᠬᠢᠷᠲᠤᠯ ᠦᠭᠡᠢ ᠥᠨᠳᠥᠷ ᠴᠢᠳᠠᠪᠬᠢᠲᠤ ᠠᠮᠢᠳᠤ ᠪᠣᠳᠠᠰ ᠤᠨ ᠰᠠᠭᠤᠷᠢ ᠰᠢᠷᠬᠡᠭᠯᠢᠭ ᠦᠢᠯᠡᠳᠪᠦᠷᠢᠯᠡᠬᠦ ᠲᠦᠷᠦᠯ ᠵᠦᠢᠯ᠂ ᠥᠪᠥᠷ ᠮᠣᠩᠭᠤᠯ ᠤᠨ ᠷᠦᠨ ᠴᠧᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠢᠯ ᠳᠤ 2 ᠳ᠋ᠦᠩᠰᠢᠭᠤᠷ ᠵᠤᠷᠪᠤᠰ ᠤᠯᠠᠨ ᠲᠠᠯᠠᠰᠲᠤ ᠴᠠᠬᠢᠭᠤᠷ ᠤᠨ ᠪᠦᠷᠬᠦᠪᠴᠢ ᠶᠢᠨ ᠤᠭᠤᠲᠠ ᠵᠢᠴᠢ 3 ᠲᠦᠮᠡᠨ ᠲᠣᠨ ᠴᠢᠨᠠᠷ ᠦᠭᠡᠷᠡᠴᠢᠯᠡᠬᠦ ᠬᠡᠯᠪᠡᠷᠢ ᠶᠢᠨ PP ᠦᠢᠯᠡᠳᠪᠦᠷᠢᠯᠡᠵᠦ᠂ PEᠮᠥᠬᠦᠯᠢᠭ ᠤᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠪᠠᠷᠢᠯᠭ᠎ᠠ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠶᠠᠪᠤᠴᠠ ᠳᠤ᠂ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠡᠩ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠵᠤ᠂ ᠲᠦᠷᠦᠯ ᠵᠦᠢᠯ ᠤᠨ ᠠᠬᠢᠴᠠ ᠵᠢᠴᠢ ᠦᠨᠡᠮᠯᠡᠯ ᠭᠦᠢᠴᠡᠳᠬᠡᠬᠦ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃ ᠠᠵᠢᠯᠲᠠᠳ ᠬᠢᠭᠡᠳ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠢᠭᠡ ᠨᠢᠭᠡᠨ ᠲᠠᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠤᠲᠠᠰᠤ᠂ ᠸᠢᠴᠠᠲ᠂ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠲᠡᠳᠡᠨ ᠳᠤ ᠣᠨᠣᠪᠴᠢᠲᠠᠶ ᠦᠢᠯᠡᠴᠢᠯᠡᠭᠡ ᠬᠠᠩᠭᠠᠨ᠎ᠠ᠃    ᠠᠵᠤ ᠠᠬᠤᠶᠢᠯᠠᠯ ᠢ ᠬᠠᠪᠰᠤᠷᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠶᠠᠪᠤᠴᠠ ᠳᠤ᠂ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠨᠢ ᠠᠵᠤ ᠠᠬᠤᠶᠢᠯᠠᠯ ᠲᠠᠢ ᠢᠳᠡᠪᠬᠢᠲᠡᠶ ᠬᠠᠮᠵᠢᠯᠴᠠᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠲᠠᠢ ᠵᠣᠯᠭᠠᠭᠤᠯᠵᠤ᠂ ᠬᠢᠨᠠᠨ ᠵᠥᠪᠰᠢᠶᠡᠷᠡᠬᠦ ᠲᠦᠷᠢᠮ ᠢ ᠨᠠᠶᠢᠳᠠᠪᠤᠷᠢᠵᠢᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠎ᠡ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠢ ᠭᠦᠢᠴᠡᠳ ᠠᠰᠢᠭᠯᠠᠨ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠶᠢ ᠵᠢᠯᠣᠭᠤᠳᠤᠨ᠂ ᠮᠡᠳᠡᠭᠡ ᠵᠠᠩᠭᠢ ᠶᠢ ᠢᠯᠡᠭᠦᠬᠡᠨ ᠠᠰᠢᠭᠯᠠᠵᠤ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ ᠶᠢ ᠪᠡᠶᠡᠯᠡᠭᠦᠯᠦᠨ᠎ᠡ᠃ ᠤᠤᠯ ᠤᠨ ᠬᠠᠤᠯᠢ ᠪᠠᠷ ᠲᠣᠭᠲᠠᠭᠠᠭᠰᠠᠨ ᠭᠦᠢᠴᠡᠳᠭᠡᠬᠦ ᠴᠠᠭ ᠤᠨ ᠬᠢᠵᠠᠭᠠᠷ ᠨᠢ 5 ᠠᠵᠢᠯᠯᠠᠬᠤ ᠡᠳᠦᠷ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠨᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠥᠨᠳᠥᠷ ᠪᠦᠲᠦᠮᠵᠢᠲᠡᠶ ᠦᠢᠯᠡᠴᠢᠯᠡᠭᠡ ᠳᠤᠤᠷ᠎ᠠ᠂ ᠵᠥᠪᠬᠡᠨ 2 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠵᠦ ᠣᠯᠭᠤᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠬᠦ ᠴᠠᠭ ᠢ ᠶᠡᠭᠡ ᠪᠠᠷ ᠪᠣᠭᠤᠨᠢᠰᠬᠠᠨ᠂ ᠠᠵᠤ ᠠᠬᠤᠶᠢᠯᠠᠯ ᠳᠤ ᠶᠡᠭᠡ ᠬᠡᠮᠵᠢᠶᠡᠨ ᠤ ᠬᠥᠮᠦᠨ ᠤ ᠬᠦᠴᠦ᠂ ᠪᠣᠳᠠᠰ ᠤᠨ ᠬᠦᠴᠦ ᠪᠠ ᠴᠠᠭ ᠤᠨ ᠥᠪᠡᠷ ᠤᠨ ᠥᠷᠲᠡᠭ ᠢ ᠠᠷᠪᠢᠯᠠᠵᠤ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠬᠦᠴᠦ ᠨᠡᠮᠡᠷᠢᠯᠡᠪᠡ᠃    4 ᠰᠠᠷ᠎ᠠ ᠶᠢᠨ 11  ᠤ ᠡᠳᠦᠷ᠂ ᠳᠡᠭᠡᠷ᠎ᠡ ᠳᠤᠷᠠᠳᠤᠭᠰᠠᠨ ᠬᠤᠶᠠᠷ ᠠᠵᠤ ᠠᠬᠤᠶᠢᠯᠠᠯ ᠨᠢᠭᠡᠨᠲᠡ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠣᠯᠵᠠᠶ᠃ ᠲᠠᠷᠠᠭᠠᠴᠢ ᠪᠠᠷ᠂ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠮᠡᠷᠭᠡᠵᠢᠯ ᠤᠨ ᠦᠢᠯᠡᠴᠢᠯᠡᠭᠡᠨ ᠤ ᠲᠥᠪ ᠨᠢ《 ᠠᠵᠤ ᠠᠬᠤᠶᠢᠯᠠᠯ ᠳᠤ ᠦᠢᠯᠡᠴᠢᠯᠡᠵᠦ᠂ ᠠᠷᠠᠳ ᠤᠨ ᠵᠣᠪᠠᠨᠢᠯ ᠢ ᠠᠷᠢᠯᠭᠠᠬᠤ 》ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠬᠠᠩᠭᠠᠵᠤ᠂ ᠵᠢᠤ ᠶᠤᠸᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号