ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ《 ᠭᠤᠷᠪᠠ ᠶᠢ ᠲᠥᠪᠯᠡᠷᠡᠭᠦᠯᠵᠦ ᠭᠤᠷᠪᠠ ᠶᠢ ᠴᠢᠩᠭᠠᠳᠬᠠᠬᠤ 》 ᠪᠠᠷ ᠮᠡᠷᠭᠡᠵᠢᠯ ᠤᠨ ᠴᠣᠯᠠ ᠰᠢᠯᠭᠠᠷᠠᠭᠤᠯᠬᠤ ᠲᠥᠪ ᠭᠤᠤᠯᠴᠢ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠪᠠ
ᠨᠡᠶᠢᠲᠡᠯᠡᠭᠰᠡᠨ ᠴᠠᠭ᠄
2025/4/25
    ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠦᠨᠡᠯᠡᠯᠲᠡ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ《 ᠪᠤᠭᠤᠲᠤ ᠬᠤᠲᠠ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠭᠤᠤᠯᠳᠠᠯᠭ᠎ᠠ ᠲᠠᠢ ᠬᠦᠷᠢᠶ᠎ᠡ  ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ 》 ᠢᠶᠠᠷ ᠬᠥᠲᠥᠯᠪᠦᠷᠢ ᠪᠣᠯᠭᠠᠵᠤ᠂ ᠣᠶᠢᠷ᠎ᠠ ᠳᠤ ᠪᠥᠬᠦ ᠲᠤᠭᠤᠷᠢᠭ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠡᠬᠢᠯᠡᠭᠦᠯᠵᠦ᠂《 ᠥᠪᠡᠷ ᠢ ᠪᠠᠨ ᠪᠠᠶᠢᠴᠠᠭᠠᠬᠤ + ᠰᠢᠪᠠᠳᠠᠨ ᠪᠠᠶᠢᠴᠠᠭᠠᠬᠤ + ᠴᠡᠭᠴᠡᠯᠡᠨ ᠰᠠᠶᠢᠵᠢᠷᠠᠭᠤᠯᠬᠤ 》ᠭᠤᠷᠮᠤᠰᠤᠨ ᠴᠤᠭᠴᠠ ᠶᠢᠨ ᠵᠠᠭᠪᠤᠷ ᠢᠶᠠᠷ ᠳᠠᠮᠵᠢᠭᠤᠯᠤᠨ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠴᠢᠳᠠᠪᠤᠷᠢᠲᠠᠨ ᠤ ᠬᠥᠭᠵᠢᠯᠲᠡ ᠳᠤ ᠡᠷᠬᠡ ᠲᠡᠭᠰᠢ ᠲᠥᠪ ᠭᠤᠤᠯᠴᠢ ᠣᠷᠴᠢᠨ ᠲᠣᠭᠤᠷᠢᠨ ᠢ ᠪᠣᠶ ᠪᠤᠯᠭᠠᠨ᠎ᠠ᠃
11.jpg
    ᠨᠢᠭᠡ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠢᠤ ᠶᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠬᠤᠯᠪᠣᠭᠳᠠᠯ ᠪᠥᠬᠦᠶ ᠨᠢᠭᠡᠴᠢ ᠳᠤ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠯᠲᠠ ᠥᠷᠨᠢᠭᠦᠯᠵᠦ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠶᠠᠷᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠶᠢᠷ᠎ᠠ ᠶᠢᠨ ᠭᠤᠷᠪᠠᠨ ᠵᠢᠯ ᠤᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠶᠢᠨ ᠲᠠᠩᠰᠠ ᠡᠪᠬᠡᠮᠡᠯ ᠢ ᠪᠥᠬᠦ ᠲᠠᠯ᠎ᠠ ᠪᠠᠷ ᠪᠠᠶᠢᠴᠠᠭᠠᠨ ᠦᠵᠡᠪᠡ᠃ ᠮᠡᠷᠭᠡᠵᠢᠯ ᠤᠨ ᠴᠣᠯᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠵᠢᠷᠤᠮᠵᠢᠯᠲᠤ ᠴᠢᠨᠠᠷ᠂ ᠬᠢᠨᠠᠨ ᠲᠣᠭᠲᠠᠭᠠᠬᠤ ᠴᠤᠪᠤᠷᠠᠯ ᠤᠨ ᠢᠯᠡ ᠲᠣᠳᠣ ᠶᠢᠨ ᠬᠡᠮᠵᠢᠶ᠎ᠡ᠂ ᠲᠣᠰ ᠨᠢᠭᠡᠴᠡ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠰᠠᠭᠤᠷᠢ ᠲᠤᠭ᠎ᠠ ᠶᠢ ᠡᠵᠡᠮᠰᠢᠭᠰᠡᠨ ᠡᠰᠡᠬᠦ ᠵᠡᠷᠭᠡ ᠵᠠᠩᠭᠢᠯᠠᠭ᠎ᠠ ᠶᠢᠨ ᠠᠭᠤᠯᠭ᠎ᠠ ᠶᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠥᠭᠡᠷᠡᠲᠦᠭᠦᠯᠬᠦ ᠥᠬᠡᠶ᠂ ᠬᠢᠨᠠᠨ ᠲᠣᠭᠲᠠᠭᠠᠬᠤ ᠪᠠᠷᠢᠮᠵᠢᠶ᠎ᠠ ᠶᠢ ᠬᠢᠮᠳᠠᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃    ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠪᠴᠢᠲᠠᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ ᠵᠡᠷᠭᠡ ᠬᠦᠷᠢᠶᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠨᠢᠭᠲᠠᠷᠬᠠᠰᠠᠨ ᠣᠨᠴᠠᠯᠢᠭ ᠲᠤ ᠴᠢᠭᠯᠡᠭᠦᠯᠦᠨ᠂《 ᠰᠠᠯᠠᠭ᠎ᠠ ᠮᠥᠴᠢᠷ ᠤᠳ ᠥᠪᠡᠰᠦᠪᠡᠨ ᠪᠠᠶᠢᠴᠠᠭᠠᠬᠤ + ᠳᠠᠩᠰᠠ ᠡᠪᠬᠡᠮᠡᠯ ᠢ ᠤᠷᠪᠠᠭᠤᠯᠤᠨ ᠦᠵᠡᠬᠦ 》ᠵᠠᠭᠪᠤᠷ ᠢ ᠠᠪᠴᠤ᠂ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠠᠵᠢᠯ ᠤᠨ ᠠᠮᠵᠢᠯᠲᠠ ᠶᠢᠨ ᠦᠷ᠎ᠡ ᠪᠦᠲᠦᠭᠡᠯ ᠢ ᠭᠡᠷᠡᠴᠢᠯᠡᠬᠦ ᠪᠦᠷᠢᠨ ᠪᠦᠲᠦᠨ ᠴᠢᠨᠠᠷ ᠵᠡᠷᠭᠡ ᠬᠢᠯᠪᠠᠷᠬᠠᠨ ᠡᠭᠦᠰᠬᠦ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ᠣᠯᠵᠤ ᠮᠡᠳᠡᠭᠰᠡᠨ ᠮᠠᠲ᠋ᠧᠷᠢᠶᠠᠯ ᠨᠢ ᠲᠠᠩᠰᠠ ᠡᠪᠬᠡᠮᠡᠯ ᠳᠤ ᠣᠷᠣᠭᠤᠯᠤᠭᠰᠠᠨ ᠨᠢ ᠵᠢᠷᠤᠮᠵᠢᠯ ᠥᠬᠡᠶ᠂ ᠣᠨ ᠤ ᠰᠢᠯᠭᠠᠨ ᠬᠢᠨᠠᠬᠤ ᠬᠦᠰᠦᠨᠦᠭᠲᠦ ᠶᠢᠨ ᠠᠵᠢᠯ ᠤᠨ ᠲᠤᠭᠠᠴᠠᠯᠲᠠ ᠨᠢ ᠪᠠᠯᠠᠷᠬᠠᠶ ᠵᠡᠷᠭᠡ ᠠᠰᠠᠭᠤᠳᠠᠯ ᠢ ᠲᠤᠬᠠᠶ ᠶᠢᠨ ᠭᠠᠵᠠᠷ ᠲᠤᠨᠢ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠣᠶ ᠪᠣᠯᠭᠠᠨ᠎ᠠ᠃    ᠭᠤᠷᠪᠠ ᠳᠤ᠂ ᠲᠣᠭᠲᠠᠴᠠ ᠶᠢᠨ ᠰᠢᠨ᠎ᠡ ᠡᠭᠦᠳᠦᠯᠳᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠭᠤᠯᠤᠯᠲᠠ ᠶᠢ ᠴᠢᠩᠭᠠᠳᠬᠠᠨ᠎ᠠ᠃ ᠰᠢᠪᠠᠳᠠᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ 》ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ : ᠨᠢᠭᠡ ᠲᠠᠯ᠎ᠠ ᠪᠠᠷ ᠡᠯᠧᠺᠲᠷᠦᠨᠴᠢᠯᠡᠭᠰᠡᠨ ᠬᠢᠨᠠᠨ ᠲᠣᠭᠲᠠᠭᠠᠬᠤ ᠬᠦᠰᠦᠨᠦᠭᠲᠦ ᠶᠢᠨ ᠲᠠᠩᠰᠠ ᠡᠪᠬᠡᠮᠡᠯ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠮᠠᠲ᠋ᠧᠷᠢᠶᠠᠯ ᠢ ᠮᠦᠷᠳᠡᠵᠦ ᠪᠣᠯᠬᠤ ᠶᠢ ᠪᠡᠶᠡᠯᠡᠭᠦᠯᠦᠨ᠎ᠡ︔ ᠨᠥᠭᠦᠭᠡ ᠲᠠᠯ᠎ᠠ ᠪᠠᠷ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠢᠳᠠᠪᠤᠷᠢᠲᠠᠨ ᠤ ᠦᠨᠡᠯᠡᠯᠲᠡ ᠶᠢᠨ《  ᠭᠤᠤᠯᠴᠢ ᠵᠢᠩᠯᠡᠭᠦᠷ 》 ᠢ ᠢᠯᠠ ᠪᠣᠯᠭᠠᠪᠠ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠷᠢᠮ ᠤᠨ ᠰᠢᠨ᠎ᠡ ᠡᠭᠦᠳᠦᠯᠲᠡ ᠪᠠᠷ ᠴᠢᠳᠠᠪᠤᠷᠢᠲᠠᠨ ᠤ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号