《 ᠭᠤᠷᠪᠠ ᠳᠤ ᠠᠩᠬᠠᠷᠤᠯ ᠢᠶᠠᠨ ᠲᠥᠪᠯᠡᠷᠡᠭᠦᠯᠬᠦ 》 ᠨᠢ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/25
    ᠪᠥᠬᠦ ᠲᠠᠯ᠎ᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ᠵᠢᠤ ᠶᠤᠸᠠᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 2025 ᠣᠨ ᠤ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠭᠤᠷᠪᠠᠨ ᠲᠠᠯ᠎ᠠ ᠪᠠᠷ ᠥᠷᠨᠢᠭᠦᠯᠵᠦ᠂ ᠲᠣᠰ ᠠᠵᠢᠯ ᠢ ᠨᠢᠭᠡᠨᠲᠡ ᠲᠡᠭᠦᠰ ᠠᠮᠵᠢᠯᠲᠠ ᠲᠠᠢ ᠪᠡᠶᠡᠯᠡᠭᠦᠯᠪᠡ᠃    ᠨᠢᠭᠡ ᠳᠤ ᠪᠥᠬᠦ ᠲᠠᠯ᠎ᠠ ᠶᠢ ᠬᠠᠮᠤᠷᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠲᠣᠰ ᠤᠳᠠᠭᠠᠨ ᠤ ᠠᠮᠵᠢᠯᠲᠠ ᠪᠦᠲᠦᠮᠵᠢ ᠶᠢᠨ ᠥᠪᠡᠰᠦᠪᠡᠨ ᠦᠨᠡᠯᠡᠯᠲᠡ ᠳᠤ ᠪᠥᠬᠦ ᠣᠷᠣᠨ ᠤ 59 ᠰᠠᠯᠠᠭ᠎ᠠ ᠮᠥᠴᠢᠷ ᠤᠨ ᠨᠡᠶᠢᠲᠡ 145 ᠨᠢᠭᠡᠴᠡ ᠬᠤᠯᠪᠣᠭᠳᠠᠨ᠎ᠠ᠃ ᠥᠪᠡᠰᠦᠪᠡᠨ ᠦᠨᠡᠯᠡᠬᠦ ᠬᠡᠪᠴᠢᠶ᠎ᠡ ᠳᠤ 2024 ᠣᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠭᠰᠠᠨ ᠰᠠᠯᠠᠭ᠎ᠠ ᠮᠥᠴᠢᠷ ᠤᠨ ᠲᠥᠰᠦᠪ ᠤᠨ ᠲᠥᠷᠥᠯ ᠵᠦᠢᠯ᠂ ᠲᠤᠰᠬᠠᠶ ᠪᠠᠯᠠ ᠮᠥᠩᠭᠦ ᠶᠢᠨ ᠲᠥᠷᠥᠯ ᠵᠦᠢᠯ ᠵᠢᠴᠢ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠵᠠᠷᠤᠯᠭ᠎ᠠ ᠪᠠᠭᠲᠠᠨ᠎ᠠ᠃ ᠡᠭᠦᠨ ᠳᠤ᠂ ᠰᠠᠯᠠᠭ᠎ᠠ ᠮᠥᠴᠢᠷ ᠤᠨ ᠲᠥᠰᠦᠪ ᠤᠨ ᠲᠥᠷᠥᠯ ᠵᠦᠢᠯ 1038 ᠪᠠᠶᠢᠵᠤ᠂ 4.3 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠳᠤ ᠬᠤᠯᠪᠣᠭᠳᠠᠨ᠎ᠠ︔ 675 ᠲᠤᠰᠬᠠᠢ ᠲᠦᠷᠦᠯ ᠤᠨ ᠪᠡᠯᠡ ᠮᠥᠩᠭᠦ ᠨᠢ 3.6 ᠳ᠋ᠦᠩᠰᠢᠭᠤᠷ ᠲᠥᠭᠦᠷᠢᠭ ᠢ ᠬᠠᠮᠤᠷᠴᠠᠢ᠃    ᠬᠤᠶᠠᠷ ᠲᠤ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃《 2024 ᠣᠨ ᠤ ᠡᠳ᠋ ᠤᠨ ᠵᠠᠰᠠᠭ ᠤᠨ ᠲᠥᠷᠥᠯ ᠵᠦᠢᠯ ᠤᠨ ᠵᠠᠷᠤᠯᠭ᠎ᠠ ᠪᠠ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠰᠠᠶᠢᠲᠤᠷ ᠬᠢᠬᠦ ᠲᠤᠬᠠᠶ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ 》 ᠢ ᠳᠠᠷᠤᠮᠠᠯᠯᠠᠨ ᠲᠠᠷᠬᠠᠭᠠᠵᠤ᠂ ᠠᠵᠢᠯᠯᠠᠭᠠᠨ ᠤ ᠵᠢᠷᠤᠮᠵᠢᠯ ᠪᠠ ᠠᠵᠢᠯᠯᠠᠬᠤ ᠴᠤᠪᠤᠷᠠᠯ ᠢ ᠲᠣᠳᠣᠷᠬᠠᠶᠢᠯᠠᠪᠠ᠃ ᠲᠥᠰᠦᠪ ᠢ ᠭᠦᠢᠴᠡᠳᠬᠡᠭᠰᠡᠨ ᠪᠠᠶᠢᠳᠠᠯ᠂ ᠣᠨ ᠤ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ  ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠶᠢᠨ ᠲᠣᠭᠤᠷᠢᠨ ᠳᠤ᠂ ᠲᠥᠷᠥᠯ ᠵᠦᠢᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠨ᠎ᠠ᠃ ᠡᠯ᠎ᠡ ᠲᠥᠰᠦᠪ ᠤᠨ ᠨᠢᠭᠡᠴᠡ ᠨᠢ ᠳᠡᠭᠡᠷ᠎ᠡ ᠵᠢᠯ ᠤᠨ ᠲᠥᠰᠦᠪ ᠤᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠶᠡᠷᠦᠩᠬᠡᠶᠢᠯᠡᠭᠰᠡᠨ ᠵᠠᠳᠠᠯᠤᠯᠲᠠ ᠬᠢᠬᠦ ᠶᠢᠨ ᠬᠠᠮᠲᠤ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠥᠪᠡᠷ ᠲᠡᠭᠡᠨ ᠦᠨᠡᠯᠡᠭᠰᠡᠨ ᠮᠡᠳᠡᠭᠦᠯᠦᠯᠲᠡ ᠪᠣᠯᠭᠠᠵᠤ᠂ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃    ᠭᠤᠷᠪᠠ ᠳᠤ ᠦᠷ᠎ᠡ ᠳ᠋ᠦᠩ ᠤᠨ ᠬᠡᠷᠡᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠲᠣᠰ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠵᠦ ᠳᠡᠭᠡᠷ᠎ᠡ ᠵᠢᠯ ᠤᠨ ᠪᠠᠯᠠ ᠮᠥᠩᠭᠦ ᠶᠢᠨ ᠭᠦᠢᠯᠭᠡᠭᠡᠨ ᠤ ᠬᠠᠨᠳᠤᠰᠢ ᠶᠢ ᠪᠥᠬᠦ ᠲᠠᠯ᠎ᠠ ᠪᠠᠷ ᠰᠡᠷᠭᠦᠭᠡᠵᠦ᠂ ᠵᠢᠱᠢᠭᠰᠡᠨ ᠬᠠᠷᠠᠯᠲᠠ ᠪᠠ ᠪᠣᠳᠠᠲᠠᠶ ᠦᠷ᠎ᠡ ᠪᠦᠲᠦᠮᠵᠢ ᠶᠢ ᠬᠠᠷᠢᠴᠠᠭᠤᠯᠬᠤ ᠪᠠᠷ ᠳᠠᠮᠵᠢᠭᠤᠯᠤᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠣᠨᠣᠪᠴᠢᠲᠠᠶ ᠪᠠᠷ ᠬᠡᠮᠵᠢᠨ᠎ᠡ᠃ ᠪᠠᠯᠠ ᠮᠥᠩᠭᠦ ᠶᠢᠨ ᠡᠯ᠎ᠡ ᠬᠦᠷᠢᠶᠡᠨ ᠳᠠᠬᠢ ᠦᠢᠯᠡᠳᠦᠯ ᠴᠢᠳᠠᠪᠤᠷᠢ ᠶᠢᠨ ᠢᠯᠡᠷᠡᠯ ᠢ ᠲᠣᠳᠣᠷᠬᠠᠶ ᠢᠯᠡᠷᠡᠭᠦᠯᠵᠦ᠂ ᠠᠰᠠᠭᠤᠳᠠᠯ ᠪᠣᠶ ᠪᠣᠯᠤᠭᠰᠠᠨ ᠰᠢᠯᠲᠠᠭᠠᠨ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠠᠲᠤ ᠰᠠᠭᠤᠷᠢ ᠲᠠᠯᠪᠢᠵᠤ᠂ ᠡᠬᠢ ᠪᠠᠶᠠᠯᠢᠭ ᠤᠨ ᠠᠰᠢᠭᠯᠠᠯᠲᠠ ᠶᠢ ᠬᠠᠮᠤᠭ ᠤᠨ ᠶᠡᠭᠡ ᠪᠤᠯᠭᠠᠬᠤ  ᠳᠤ  ᠬᠦᠴᠦ ᠨᠡᠮᠡᠷᠢᠯᠡᠨ᠎ᠡ᠃    ᠲᠠᠷᠠᠭᠠᠴᠢ ᠪᠠᠷ᠂ ᠵᠢᠤ ᠶᠤᠸᠠᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠯ᠎ᠡ ᠨᠢᠭᠡᠴᠡ ᠶᠢᠨ ᠠᠮᠵᠢᠯᠲᠠ ᠪᠦᠲᠦᠮᠵᠢ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠦᠷ᠎ᠡ ᠪᠦᠲᠦᠮᠵᠢ ᠪᠠᠷ ᠳᠤᠤᠷ᠎ᠠ ᠪᠥᠭᠡᠳ ᠦᠷ᠎ᠡ ᠪᠦᠲᠦᠮᠵᠢ ᠥᠬᠡᠶ ᠵᠠᠷᠤᠯᠭ᠎ᠠ ᠶᠢ ᠪᠠᠭᠠᠰᠬᠠᠨ᠂ ᠮᠠᠨ ᠤ ᠲᠤᠭᠤᠷᠢᠭ ᠤᠨ ᠲᠥᠰᠦᠪ ᠤᠨ ᠪᠠᠯᠠ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号