ᠭᠠᠯ ᠰᠡᠷᠭᠡᠶᠢᠯᠡᠵᠦ ᠭᠠᠯ ᠤᠨᠲᠠᠷᠠᠭᠠᠬᠤ ᠠᠶᠤᠯᠭᠦᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠶᠢᠷ᠎ᠠ ᠶᠢᠨ | ᠡᠳᠦᠷ ᠲᠤ᠂ ᠬᠤᠶᠠᠷᠬᠤᠳᠳᠤᠭ ᠤᠨ ᠰᠢᠶᠠᠩ ᠪᠠᠯᠭᠠᠰᠤᠨ ᠤ ᠲᠤᠰᠬᠠᠢ ᠭᠠᠯ ᠤᠨᠲᠠᠷᠠᠭᠠᠬᠤ ᠠᠩᠭᠢ ᠡᠳᠦᠷ | ᠲᠤᠳᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠯ᠎ᠡ | ᠳᠦᠷᠦᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ | ᠵᠠᠰᠠᠪᠠ᠃ | | | | ᠪᠠᠶᠢᠴᠠᠭᠠᠬᠤ ᠬᠤᠭᠤᠴᠠᠭᠠᠨ ᠳᠤ᠂ ᠭᠠᠯ ᠤᠨᠲᠠᠷᠠᠭᠠᠭᠴᠢᠳ ᠬᠠᠷᠢᠶ᠎ᠠ ᠣᠷᠣᠨ ᠤ ᠬᠤᠭᠤᠯᠠᠨ ᠭᠡᠷ᠂ ᠬᠡᠲᠦ | ᠳᠡᠯᠭᠡᠭᠦᠷ ᠵᠡᠷᠭᠡ ᠬᠦᠮᠦᠨ ᠨᠢᠭᠲᠠᠷᠬᠠᠰᠠᠨ ᠣᠯᠠᠨ ᠨᠡᠶᠢᠲᠡ ᠶᠢᠨ ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠵᠤ᠂ ᠡᠯ᠎ᠡ | ᠲᠠᠯᠠᠪᠤᠷ ᠭᠠᠵᠠᠷ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠡᠯᠡᠳᠬᠡᠮᠵᠢ᠂ ᠴᠠᠬᠢᠯᠭᠠᠨ ᠬᠡᠷᠡᠭᠯᠡᠬᠦ ᠱᠤᠭᠤᠮ᠂ | ᠪᠠᠴᠢᠮ ᠲᠠᠷᠬᠠᠭᠠᠨ ᠶᠠᠪᠤᠭᠤᠯᠬᠤ ᠵᠠᠮ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠵᠡᠷᠭᠡ ᠡᠯ᠎ᠡ | ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠭᠤᠣᠯᠳᠠᠯᠭ᠎ᠠ ᠲᠠᠢ ᠪᠠᠶᠢᠴᠠᠭᠠᠪᠠ᠃ ᠲᠡᠭᠡᠬᠦ ᠮᠦᠷᠲᠡᠭᠡᠨ | ᠪᠠᠶᠢᠴᠠᠭᠠᠯᠲᠠ ᠳᠤ ᠢᠯᠡᠷᠡᠭᠦᠯᠦᠭᠰᠡᠨ ᠳᠠᠯᠳᠠ ᠭᠡᠮ ᠤᠨ ᠠᠰᠠᠭᠤᠳᠠᠯ ᠢ ᠬᠠᠷᠢᠭᠤᠴᠠᠯᠭᠠᠲᠠᠨ ᠢ ᠲᠣᠭᠲᠠᠭᠰᠠᠨ | ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃ ᠡᠭᠦᠨ ᠤ ᠬᠠᠮᠲᠤ᠂ ᠪᠠᠶᠢᠴᠠᠭᠠᠬᠤ ᠶᠠᠪᠤᠴᠠ ᠳᠤ᠂ | ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯᠲᠠᠳ ᠪᠠᠰᠠ ᠤᠬᠠᠭᠤᠯᠭ᠎ᠠ ᠶᠢᠨ ᠭᠠᠷ ᠳᠡᠪᠲᠡᠷ ᠪᠠ ᠲᠤᠬᠠᠶ ᠶᠢᠨ | ᠲᠠᠯᠠᠪᠠᠶ ᠳᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠳᠠᠯᠳᠤᠭᠠᠴᠢᠨ ᠡᠷᠦᠬᠡ ᠳᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠵᠤ᠂ | ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠡᠳᠦᠷ ᠲᠤᠲᠤᠮ ᠤᠨ ᠭᠠᠯ ᠰᠡᠷᠭᠡᠶᠢᠯᠡᠬᠦ ᠪᠠᠶᠢᠴᠠᠭᠠᠯᠲᠠ ᠶᠢ | ᠴᠢᠩᠭᠠᠳᠬᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢ ᠰᠠᠶᠢᠲᠤᠷ | ᠬᠠᠮᠠᠭᠠᠯᠠᠵᠤ᠂ ᠭᠠᠯ ᠤᠨ ᠠᠶᠤᠯ ᠤᠨ ᠠᠳᠡᠯ ᠭᠠᠷᠬᠤ ᠠᠴᠠ ᠵᠠᠶᠢᠯᠠᠰᠬᠢᠨ᠎ᠠ᠃ | ᠲᠠᠷᠠᠭᠠᠴᠢ ᠪᠠᠷ᠂ ᠬᠤᠶᠠᠷᠬᠤᠳᠳᠤᠭ ᠪᠠᠯᠭᠠᠰᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ | ᠬᠦ ᠪᠠᠲᠤᠯᠠᠵᠤ᠂ ᠠᠮᠤᠷ ᠲᠦᠪᠰᠢᠨ ᠤ《 ᠰᠡᠷᠭᠡᠶᠢᠯᠡᠯᠲᠡ ᠶᠢᠨ ᠬᠡᠷᠡᠮ 》 ᠢ ᠪᠠᠲᠤ ᠪᠠᠬᠢ ᠪᠠᠶᠢᠭᠤᠯᠤᠨ᠎ᠠ᠃ | | | | | | | | |