5235 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ︕ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2025/4/27
    ᠠᠵᠤ ᠦᠢᠯᠡᠰ ᠤᠨ ᠬᠦᠷᠢᠶᠡᠯᠡᠩ ᠨᠢ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠣᠯ ᠬᠥᠳᠡᠯᠭᠡᠭᠦᠷ ᠪᠣᠯᠤᠭᠰᠠᠨ ᠤ ᠬᠤᠪᠢ ᠳᠤ᠂ ᠵᠢᠤ ᠶᠤᠸᠠᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠤᠢ᠃ ᠵᠢᠦ ᠶᠤᠸᠠᠨ ᠲᠤᠭᠤᠷᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠢ ᠬᠠᠮᠲᠤᠷᠠᠨ ᠳᠡᠭᠡᠳᠦ ᠱᠠᠲᠤᠨ ᠤ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠲᠤᠰᠬᠠᠶ ᠪᠠᠯᠠ ᠮᠥᠩᠭᠦ ᠶᠢᠨ《 ᠲᠦᠯᠬᠢᠭᠴᠢ 》 ᠶᠢᠨ ᠦᠢᠯᠡᠳᠦᠯ ᠢ ᠪᠠᠳᠠᠷᠠᠭᠤᠯᠤᠨ᠂ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦ ᠨᠡᠮᠡᠷᠢᠯᠡᠪᠡ᠃    ᠡᠨᠡ ᠵᠢᠯ ᠠᠴᠠ ᠨᠠᠰᠢ᠂ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠲᠤᠰᠬᠠᠶ ᠪᠠᠯᠠ ᠮᠥᠩᠭᠦ ᠶᠢ 5235 ᠲᠦᠮᠡᠨ ᠲᠥᠭᠦᠷᠢᠭ ᠲᠡᠮᠡᠴᠡᠨ ᠤᠯᠬᠤ ᠶᠢᠨ ᠬᠠᠮᠲᠤ ᠪᠠᠭᠤᠯᠭᠠᠪᠠ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ 670 ᠲᠦᠮᠡᠨ ᠲᠥᠭᠦᠷᠢᠭ ᠪᠠᠶᠢᠵᠤ᠂ ᠬᠦᠷᠢᠶᠡᠯᠡᠩ ᠲᠣᠭᠤᠷᠢᠭ ᠤᠨ ᠰᠢᠨ᠎ᠡ ᠪᠠᠷ ᠲᠥᠯᠥᠪᠵᠢᠭᠦᠯᠦᠭᠰᠡᠨ ᠬᠤᠶᠠᠳᠤᠭᠠᠷ ᠵᠠᠮ ᠵᠢᠴᠢ ᠬᠤᠭᠤᠯᠠᠶ ᠶᠢᠨ ᠲᠤᠤᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠲᠤᠰᠬᠠᠶ ᠬᠡᠷᠡᠭᠯᠡᠨ᠎ᠡ︔ ᠲᠥᠪ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠢᠯᠡᠨ ᠵᠠᠰᠠᠬᠤ ᠪᠡᠯᠡ ᠮᠥᠩᠭᠦ 4265 ᠲᠦᠮᠡᠨ ᠲᠥᠭᠦᠷᠢᠭ᠂ ᠮᠢᠩ ᠲᠦᠸᠧ ᠪᠦᠯᠦᠭᠯᠡᠯ ᠤᠨ ᠾᠷᠣᠮ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠥᠮᠪᠥᠭᠡᠯᠢᠭ ᠪᠦᠰᠡᠲᠦ ᠴᠣᠨᠣᠭᠠᠬᠤ ᠮᠠᠰᠢᠨ ᠤ ᠤᠲᠤᠭ᠎ᠠ ᠶᠢ ᠬᠡᠲᠦ ᠳᠣᠣᠷ᠎ᠠ ᠭᠠᠳᠠᠭᠰᠢᠯᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠦᠯ ᠵᠦᠢᠯ ᠳᠤ ᠲᠤᠰᠬᠠᠢ ᠬᠡᠷᠡᠭᠯᠡᠨ᠎ᠡ︔ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠲᠥᠷᠥᠯ ᠤᠨ ᠪᠡᠯᠡ ᠮᠥᠩᠭᠦ 300 ᠲᠦᠮᠡᠨ ᠲᠥᠭᠦᠷᠢᠭ ᠪᠠᠶᠢᠵᠤ᠂ ᠬᠤᠪᠣᠷ ᠰᠢᠷᠣᠢ ᠶᠢᠨ ᠲᠡᠮᠦᠷᠯᠢᠭ ᠬᠠᠶᠢᠯᠤᠭᠤᠯᠬᠤ ᠵᠢᠴᠢ ᠬᠡᠷᠡᠭᠯᠡᠭᠡᠨ ᠤ ᠠᠵᠤ ᠦᠢᠯᠡᠰ ᠤᠨ ᠬᠡᠯᠬᠢᠶᠡᠵᠢᠯ ᠤᠨ ᠰᠦᠷᠦᠭᠵᠢᠯ ᠤᠨ ᠲᠥᠷᠥᠯ ᠵᠦᠢᠯ ᠳᠤ ᠲᠤᠰᠬᠠᠢ ᠬᠡᠷᠡᠭᠯᠡᠨ᠎ᠡ᠃ ᠲᠤᠰᠬᠠᠶ ᠪᠠᠯᠠ ᠮᠥᠩᠭᠦ ᠣᠷᠣᠭᠤᠯᠤᠭᠰᠠᠨ ᠨᠢ ᠵᠢᠦ ᠶᠤᠸᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠣᠯᠠᠨ ᠲᠠᠯ᠎ᠠ ᠶᠢᠨ ᠢᠳᠡᠪᠬᠢᠲᠡᠶ ᠨᠥᠯᠥᠭᠡ ᠦᠵᠡᠭᠦᠯᠦᠭᠰᠡᠨ ᠪᠠᠶᠢᠨ᠎ᠠ᠃ ᠲᠤᠰᠬᠠᠶ ᠪᠠᠯᠠ ᠮᠥᠩᠭᠦ ᠨᠢ 《 ᠡᠬᠢ ᠠᠮᠢᠵᠢᠷᠠᠯ ᠤᠨ ᠤᠰᠤ》 ᠠᠳᠠᠯᠢ ᠪᠠᠷ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠲᠡᠯ᠎ᠡ᠂ ᠬᠤᠳᠠᠯᠳᠤᠭᠠᠴᠢᠨ ᠤᠷᠢᠵᠤ ᠪᠠᠯᠠ ᠮᠥᠩᠭᠦ ᠲᠠᠲᠠᠬᠤ ᠠᠴᠠ ᠠᠮᠢ ᠠᠬᠤᠶ ᠶᠢᠨ ᠬᠥᠭᠵᠢᠯᠲᠡ ᠬᠦᠷᠲᠡᠯ᠎ᠡ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠡᠯ᠎ᠡ ᠭᠤᠭᠴᠤᠭ᠎ᠠ ᠶᠢ ᠠᠮᠢᠯᠠᠭᠤᠯᠵᠠᠶ᠃    ᠳᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠪᠡᠯᠡ ᠮᠥᠩᠭᠦ ᠦᠭᠬᠦ ᠠᠬᠢᠴᠠ ᠪᠠᠨ ᠲᠦᠷᠭᠡᠳᠬᠡᠬᠦ ᠶᠢ ᠱᠠᠯᠠᠪᠳᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠬᠠᠷᠠᠯᠲᠠ ᠴᠢᠭᠯᠡᠯ ᠢ ᠴᠢᠩᠭ᠎ᠠ ᠠᠩᠬᠠᠷᠴᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢ ᠪᠠᠳᠠᠷᠠᠭᠤᠯᠵᠤ᠂ ᠪᠡᠯᠡ ᠮᠥᠩᠭᠦ ᠶᠢ ᠠᠮᠤᠷ ᠲᠦᠪᠰᠢᠨ ᠥᠨᠳᠥᠷ ᠪᠦᠲᠦᠮᠵᠢᠲᠡᠢ ᠬᠡᠷᠡᠭᠯᠡᠬᠦ ᠶᠢ ᠪᠠᠲᠤᠯᠠᠵᠤ᠂ ᠤᠯᠠᠮ ᠤᠯᠠᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号