4 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠲᠤᠭᠤᠷᠢᠭ ᠤᠨ ᠳᠠᠷᠤᠭ᠎ᠠ ᠯᠢᠦ ᠰᠢᠶᠤᠤ ᠫᠢᠩ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠵᠢᠴᠢ ᠪᠥᠬᠦ ᠲᠤᠭᠤᠷᠢᠭ ᠤᠨ ᠭᠤᠤᠯ ᠮᠥᠷᠡᠨ ᠨᠠᠭᠤᠷ ᠴᠥᠭᠦᠷᠥᠮ ᠤᠨ ᠶᠡᠷᠦᠩᠬᠡᠶ ᠳᠠᠷᠤᠭ᠎ᠠ᠂ | ᠤᠢ ᠰᠢᠭᠤᠢ ᠶᠢᠨ ᠳᠠᠷᠤᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠡᠷᠬᠢᠨ ᠲᠣᠭᠤᠷᠢᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | | | | ᠬᠤᠷᠠᠯ ᠠᠴᠠ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ | ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ | ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠵᠢᠤ ᠶᠤᠸᠠᠨ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ᠂ ᠪᠣᠬᠢᠷᠲᠤᠯ ᠥᠬᠡᠶ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠰᠠᠭᠤᠷᠢ ᠵᠢᠴᠢ ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠬᠤᠲᠠ ᠶᠢᠨ ᠣᠷᠣᠨ ᠪᠠᠶᠢᠷᠢ ᠳᠤ ᠰᠠᠭᠤᠷᠢᠯᠠᠨ᠂《 ᠨᠢᠭᠡ | ᠪᠦᠰᠡ ᠨᠢᠭᠡ ᠵᠠᠮ 》 ᠤᠨ ᠪᠥᠲᠥᠭᠡᠨ ᠪᠠᠶᠢᠭᠤᠯᠤᠯᠲᠠ ᠪᠣᠯᠤᠨ ᠪᠥᠬᠦ ᠤᠯᠤᠰ ᠤᠨ ᠨᠢᠭᠡᠳᠦᠯᠲᠡᠶ ᠶᠡᠭᠡ ᠵᠠᠬ᠎ᠠ | ᠳᠡᠯᠭᠡᠭᠦᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠶ ᠭᠡᠵᠦ ᠴᠢᠬᠤᠯᠠᠴᠢᠯᠠᠪᠠ᠃ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠦᠳᠦᠯᠦᠨ ᠵᠢᠯᠣᠭᠤᠳᠴᠤ᠂ ᠵᠣᠷᠢᠭᠵᠢᠭᠤᠯᠤᠨ᠂ | ᠠᠷᠠᠯᠵᠢᠶᠠᠨ ᠤ ᠬᠡᠪᠴᠢᠶ᠎ᠡ ᠶᠢ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠦᠷᠭᠦᠯᠵᠢᠯᠡᠨ ᠨᠡᠮᠡᠭᠳᠡᠬᠦ ᠶᠢ | ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠰ | ᠭᠠᠵᠠᠷ ᠤᠨ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠤᠨ᠎ᠠ᠃ ᠣᠷᠣᠨ ᠪᠦᠰᠡ ᠶᠢᠨ ᠬᠠᠮᠵᠢᠯᠴᠠᠭ᠎ᠠ ᠶᠢ | ᠰᠤᠳᠤᠯᠬᠤ ᠪᠠᠨ ᠴᠢᠩᠭᠠᠳᠬᠠᠵᠤ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠲᠤᠭᠤᠷᠢᠭ ᠤᠨ | ᠠᠵᠤ ᠦᠢᠯᠡᠰ ᠤᠨ ᠱᠠᠲᠤᠯᠠᠨ ᠰᠢᠯᠵᠢᠬᠦ ᠴᠢᠬᠤᠯᠠ ᠲᠦᠷᠦ ᠶᠢᠨ ᠪᠤᠳᠤᠯᠭ᠎ᠠ ᠶᠢ ᠬᠦᠯᠢᠶᠡᠨ ᠠᠪᠬᠤ ᠠᠵᠠ | ᠲᠣᠬᠢᠶᠠᠯ ᠢ ᠰᠠᠶᠢᠲᠤᠷ ᠡᠵᠡᠮᠳᠡᠵᠦ᠂ ᠵᠢᠤ ᠶᠤᠸᠠᠨ ᠲᠤᠭᠤᠷᠢᠭ ᠲᠤ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ | ᠠᠪᠴᠢᠷᠠᠨ᠎ᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | 《 ᠪᠥᠬᠦ ᠲᠤᠭᠤᠷᠢᠭ ᠤᠨ 2025 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ | ᠭᠤᠤᠯᠳᠠᠯᠭ᠎ᠠ 》 ᠶᠢ ᠬᠢᠨᠠᠨ ᠵᠥᠪᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠵᠤ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ ᠲᠥᠷᠥᠯ ᠵᠦᠢᠯ ᠢ ᠢᠳᠡᠪᠬᠢᠲᠡᠶ | ᠲᠡᠮᠡᠴᠡᠨ ᠣᠯᠵᠤ᠂ ᠰᠢᠭᠤᠶᠢᠲᠤ ᠲᠤᠭᠤᠷᠢᠭ ᠤᠨ ᠤᠰᠤᠯᠠᠯᠲᠠ ᠶᠢᠨ ᠬᠤᠭᠤᠯᠠᠶ ᠶᠢᠨ ᠲᠤᠤᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠨᠣᠭᠤᠭᠠᠷᠠᠭᠤᠯᠤᠯᠲᠠ ᠶᠢᠨ | ᠲᠥᠷᠥᠯ ᠵᠦᠢᠯ ᠤᠨ ᠲᠤᠭᠤᠷᠢᠭ ᠤᠨ ᠤᠰᠤᠨ ᠤ ᠬᠠᠩᠭᠠᠯᠭ᠎ᠠ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ ᠣᠶ ᠰᠢᠭᠤᠶ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠠᠯᠠᠨ | ᠬᠠᠷ᠎ᠠ ᠠᠭᠤᠯᠠ ᠶᠢᠨ ᠡᠮᠦᠨ᠎ᠡ ᠪᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ | ᠵᠦᠢᠯ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠲᠠᠬᠢᠶᠠᠨ ᠭᠤᠤᠯ | ᠵᠢᠮᠢᠰ᠂ ᠬᠠᠶᠢᠲᠠᠩ ᠵᠢᠮᠢᠰ ᠵᠡᠷᠭᠡ ᠠᠵᠤ ᠠᠬᠤᠶ ᠶᠢᠨ ᠣᠶ ᠶᠢᠨ ᠲᠥᠷᠥᠯ ᠵᠦᠢᠯ ᠤᠨ ᠲᠦᠷᠭᠡᠨ ᠬᠥᠭᠵᠢᠬᠦ ᠶᠢ | ᠠᠬᠢᠭᠤᠯᠵᠤ᠂ ᠵᠢᠤ ᠶᠤᠸᠠᠨ ᠤ ᠤᠨᠴᠠᠯᠢᠭᠳᠤ ᠵᠢᠮᠢᠰ ᠤᠨ ᠲᠥᠷᠥᠯ ᠲᠡᠮᠳᠡᠭ ᠢ ᠪᠣᠶ ᠪᠤᠯᠭᠠᠨ᠎ᠠ᠃ ᠪᠥᠬᠦ | ᠲᠤᠭᠤᠷᠢᠭ ᠤᠨ ᠬᠦᠴᠦᠨ ᠢ ᠬᠥᠲᠥᠯᠦᠨ ᠳᠠᠶᠢᠴᠢᠯᠠᠵᠤ᠂ ᠮᠣᠳᠣ ᠳᠠᠷᠢᠬᠤ ᠠᠵᠢᠯᠯᠠᠭ᠎ᠠ ᠶᠢ ᠨᠠᠮ ᠤᠨ ᠡᠳᠦᠷ ᠤᠨ | ᠠᠵᠢᠯᠯᠠᠭ᠎ᠠ ᠲᠠᠢ ᠤᠶᠠᠯᠳᠤᠭᠤᠯᠵᠤ᠂ ᠪᠥᠬᠦ ᠲᠤᠭᠤᠷᠢᠭ ᠤᠨ ᠬᠡᠪᠴᠢᠶᠡᠨ ᠳᠤ ᠠᠵᠢᠯ ᠬᠢᠵᠦ ᠦᠢᠯᠡᠰ ᠴᠣᠭᠴᠠᠯᠠᠬᠤ | ᠰᠠᠶᠢᠨ ᠰᠠᠶᠢᠬᠠᠨ ᠰᠢᠨ᠎ᠡ ᠬᠡᠪ ᠰᠤᠷᠲᠠᠯ ᠢ ᠪᠣᠶ ᠪᠤᠯᠭᠠᠨ᠎ᠠ᠃ | ᠬᠤᠷᠠᠯ ᠠᠴᠠ 2025 ᠣᠨ ᠤ ᠥᠪᠡᠷᠲᠡᠭᠡᠨ ᠵᠠᠰᠠᠬᠤ ᠤᠷᠤᠨ ᠤ ᠭᠤᠤᠯ ᠮᠥᠷᠡᠨ ᠨᠠᠭᠤᠷ ᠴᠥᠭᠦᠷᠥᠮ ᠤᠨ | ᠶᠡᠷᠦᠩᠬᠡᠶ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂《 ᠪᠥᠬᠦ | ᠲᠤᠭᠤᠷᠢᠭ ᠤᠨ 2025 ᠣᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ 》 ᠶᠢ ᠬᠢᠨᠠᠨ ᠵᠥᠪᠯᠡᠵᠦ᠂ ᠬᠠᠲᠤᠨ ᠭᠤᠤᠯ ᠤᠨ ᠵᠠᠮ᠂ | ᠴᠢᠬᠤᠯᠠ ᠰᠠᠯᠪᠤᠷᠢ ᠤᠷᠤᠰᠬᠠᠯ᠂ ᠠᠵᠤ ᠦᠢᠯᠡᠳᠪᠦᠷᠢ ᠶᠢᠨ ᠪᠣᠬᠢᠷ ᠤᠰᠤ ᠵᠡᠷᠭᠡ ᠠᠰᠠᠭᠤᠳᠠᠯ ᠢ ᠲᠤᠰᠬᠠᠶ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ | ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ᠃ ᠭᠤᠤᠯ ᠤᠨ ᠳᠠᠷᠤᠭ᠎ᠠ ᠶᠢᠨ | ᠠᠯᠪᠠᠨ ᠬᠡᠷ ᠤᠨ ᠲᠦᠷᠦᠭᠦᠯᠡᠨ ᠶᠡᠷᠦᠩᠬᠡᠶ ᠳᠤᠨᠢ ᠠᠳᠬᠤᠬᠤ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠬᠠᠰᠢᠯᠭ᠎ᠠ ᠶᠢ ᠰᠡᠯᠪᠢᠨ ᠵᠠᠰᠠᠬᠤ ᠵᠡᠷᠭᠡ | ᠭᠤᠤᠯᠳᠠᠯᠭ᠎ᠠ ᠲᠠᠢ ᠠᠵᠢᠯ ᠳᠤ ᠫᠠᠶᠢᠰᠠ ᠡᠯᠭᠦᠨ ᠪᠠᠶᠢᠯᠳᠤᠵᠤ᠂ ᠴᠠᠭ ᠲᠤᠬᠠᠶ ᠳᠤᠨᠢ ᠮᠥᠷᠳᠡᠵᠦ᠂ ᠴᠠᠭ ᠲᠤᠬᠠᠶ ᠳᠤᠨᠢ | ᠠᠬᠢᠭᠤᠯᠵᠤ᠂ ᠦᠶᠡᠷ ᠤᠨ ᠬᠤᠭᠤᠴᠠᠭ᠎ᠠ ᠪᠣᠯᠬᠤ ᠠᠴᠠ ᠡᠮᠦᠨ᠎ᠡ ᠪᠦᠬᠦᠨ ᠢ ᠪᠠᠷᠢᠯᠭ᠎ᠠ ᠳᠠᠭᠤᠰᠬᠠᠬᠤ ᠪᠠᠷ ᠴᠢᠷᠮᠠᠶᠢᠨ᠎ᠠ᠃ | ᠡᠯ᠎ᠡ ᠲᠦᠷᠦᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠭᠤᠣᠯ ᠢ ᠴᠠᠭᠳᠠᠬᠤ᠂ ᠭᠤᠣᠯ ᠢ | ᠵᠠᠰᠠᠬᠤ᠂ ᠭᠤᠤᠯ ᠢ ᠬᠠᠮᠢᠶᠠᠷᠬᠤ᠂ ᠭᠤᠣᠯ ᠢ ᠬᠠᠮᠠᠭᠠᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ | ᠬᠠᠮᠢᠶᠠᠷᠤᠨ ᠬᠠᠮᠠᠭᠠᠯᠠᠬᠤ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃ | ᠬᠤᠷᠠᠯ ᠠᠴᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠵᠢᠤ ᠶᠤᠸᠠᠨ ᠲᠣᠭᠤᠷᠢᠭ ᠲᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠳᠤᠷᠠᠳᠤᠭᠰᠠᠨ ᠬᠠᠮᠢᠶ᠎ᠠ ᠪᠥᠬᠦᠶ | ᠱᠠᠭᠠᠷᠳᠠᠯᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠬᠢᠴᠠ ᠶᠢ ᠦᠨᠡᠨ ᠬᠦ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠰᠢᠯᠭᠠᠨ | ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ ᠭᠡᠵᠦ ᠴᠢᠬᠤᠯᠠᠴᠢᠯᠠᠪᠠ᠃ | ᠬᠤᠷᠠᠯ ᠠᠴᠠ《 ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠰᠤᠷᠤᠯᠴᠠᠯᠭ᠎ᠠ ᠬᠥᠮᠦᠵᠢᠯ ᠤᠨ | ᠠᠰᠠᠭᠤᠳᠠᠯ ᠢ ᠪᠠᠶᠢᠴᠠᠭᠠᠨ ᠳᠡᠯᠭᠡᠭᠰᠡᠨ ᠨᠠᠷᠢᠨ ᠲᠠᠩᠰᠠ ( ᠬᠦᠷᠭᠡᠨ ᠬᠢᠨᠠᠭᠤᠯᠬᠤ ᠨᠤᠤᠷᠠᠭ ) 》 ᠶᠢ ᠰᠤᠳᠤᠯᠤᠨ | ᠬᠢᠨᠠᠨ ᠵᠥᠪᠯᠡᠵᠦ᠂《 ᠰᠤᠷᠤᠯᠴᠠᠨ ᠪᠠᠶᠢᠴᠠᠭᠠᠵᠤ ᠰᠠᠶᠢᠵᠢᠷᠠᠭᠤᠯᠬᠤ 》 ᠶᠢ ᠨᠡᠪᠲᠡᠷᠡᠯᠴᠡᠭᠦᠯᠬᠦ᠂《 ᠮᠡᠳᠡᠬᠦ ᠢᠲᠡᠭᠡᠬᠦ | ᠬᠢᠬᠦ 》 ᠶᠢ ᠨᠢᠭᠡᠳᠬᠡᠬᠦ ᠬᠠᠷᠠᠯᠲᠠ ᠶᠢ ᠴᠢᠩᠭ᠎ᠠ ᠲᠣᠭᠲᠠᠭᠠᠵᠤ᠂ ᠰᠤᠷᠤᠯᠴᠠᠯᠭ᠎ᠠ ᠬᠥᠮᠦᠵᠢᠯ ᠪᠣᠯᠤᠨ《 ᠠᠰᠠᠭᠤᠳᠠᠯ ᠢ | ᠰᠢᠢᠳᠪᠦᠷᠢᠯᠡᠬᠦ ᠰᠡᠳᠬᠢᠬᠦᠢ ᠶᠢ ᠪᠤᠢ ᠪᠤᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠡᠷᠢᠭᠦᠨ ᠤ | ᠠᠵᠢᠯ ᠤᠨ ᠪᠦᠲᠦᠮᠵᠢ ᠶᠢ ᠴᠢᠷᠮᠠᠶᠢᠨ ᠡᠭᠦᠳᠬᠦ 》ᠲᠤᠰᠬᠠᠢ ᠰᠡᠳᠦᠪᠲᠦ ᠠᠵᠢᠯᠯᠠᠭ᠎ᠠ ᠶᠢ ᠤᠶᠠᠯᠳᠤᠭᠤᠯᠬᠤ ᠶᠢ | ᠪᠠᠷᠢᠮᠲᠠᠯᠠᠵᠤ᠂ ᠲᠦᠷᠢᠮ ᠤᠨ ᠬᠢᠵᠠᠭᠠᠷᠯᠠᠯ ᠪᠣᠯᠤᠨ ᠦᠵᠡᠯ ᠰᠠᠨᠠᠭᠠᠨ ᠤ ᠬᠠᠰᠢᠯᠭ᠎ᠠ ᠶᠢᠨ ᠬᠤᠣᠰ ᠪᠠᠲᠤᠯᠠᠭ᠎ᠠ ᠶᠢ | ᠴᠢᠩᠭᠠᠳᠬᠠᠵᠤ᠂ ᠡᠯ᠎ᠡ ᠬᠦᠷᠢᠶᠡᠨ ᠤ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠪᠡᠶᠡᠯᠡᠭᠦᠯᠦᠨ᠎ᠡ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | | | |