ᠵᠢᠤ ᠶᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/28
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠯ ᠨᠥᠬᠦᠷᠯᠡᠯ ᠲᠠᠢ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠶᠢᠨ ᠲᠥᠯᠥᠭᠡ᠃ ᠣᠶᠢᠷ᠎ᠠ ᠳᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠣᠨᠣᠯ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠸᠠᠩ ᠵᠢᠶᠠᠨ ᠭᠦᠸᠧ ᠪᠠᠭᠰᠢ ᠶᠢ ᠤᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
111.jpg
    ᠤᠬᠠᠭᠤᠯᠤᠨ ᠲᠠᠶᠢᠯᠪᠤᠷᠢᠯᠠᠬᠤ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠸᠠᠩ ᠪᠠᠭᠰᠢ ᠶᠦᠮᠦᠷᠯᠢᠭ ᠠᠮᠢᠳᠤᠯᠢᠭ ᠦᠭᠡ ᠬᠡᠯᠡ ᠪᠠᠷ《 ᠲᠠᠪᠤᠨ ᠬᠠᠮᠲᠤ 》 ᠶᠢᠨ ᠬᠠᠷᠠᠭᠠᠰᠤ ᠠᠴᠠ ᠭᠠᠷᠳᠠᠵᠤ᠂ ᠤᠯᠠᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠤᠬᠠᠭᠤᠯᠪᠠ᠃《 ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠦᠳᠤᠬᠡᠨ ᠪᠠᠶᠢᠭᠤᠯᠤᠯᠲᠠ 》᠂ ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠤᠷᠤᠭᠰᠠᠨ ᠦᠨᠳᠦᠰᠦᠲᠡᠨ ᠤ ᠪᠦᠯᠬᠦᠮᠳᠡᠯ ᠤᠨ ᠦᠯᠢᠬᠡᠷ ᠢ ᠶᠠᠷᠢᠬᠤ ᠪᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠭᠠᠷ ᠬᠤᠯᠪᠣᠨ ᠬᠠᠮᠲᠤ ᠪᠠᠷ ᠤᠷᠤᠭᠰᠢᠯᠠᠭᠰᠠᠨ ᠪᠠᠶᠢᠳᠠᠯ ᠢ ᠵᠢᠷᠤᠭᠯᠠᠪᠠ᠃《 ᠪᠣᠳᠠᠰ ᠢ ᠨᠠᠮᠤᠭᠤᠬᠠᠨ ᠨᠤᠷᠭᠠᠬᠤ 》ᠠᠷᠭ᠎ᠠ ᠬᠡᠯᠪᠡᠷᠢ ᠪᠠᠷ ᠢᠳᠡᠪᠬᠢ ᠬᠦᠴᠦᠨ ᠢ ᠤᠯᠠᠮᠵᠢᠯᠠᠭᠰᠠᠨ ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠳᠦᠷ ᠲᠤᠳᠤᠮ ᠤᠨ ᠠᠮᠢᠳᠤᠷᠠᠯ ᠳᠤ ᠨᠢᠭᠲᠠ ᠠᠭᠤᠰᠤᠯᠴᠠᠭᠤᠯᠪᠠ᠃    ᠮᠦᠬᠦᠯᠢᠭ ᠠᠨᠠᠷ ᠤᠨ ᠦᠷ᠎ᠡ᠂ ᠦᠨᠳᠦᠰᠦᠲᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠭᠰᠠᠨ ᠨᠢ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠤ᠂ ᠤᠯᠠᠨ ᠳᠤ ᠦᠯᠢᠬᠡᠷ ᠲᠤ ᠬᠠᠳᠠᠭᠠᠯᠠᠭᠳᠠᠵᠤ ᠪᠠᠶᠢᠭ᠎ᠠ ᠤᠯᠤᠰ ᠢᠶᠠᠨ ᠬᠠᠶᠢᠷᠠᠯᠠᠬᠤ᠂ ᠪᠦᠯᠬᠦᠮᠳᠡᠬᠦ᠂ ᠬᠤᠪᠢ ᠨᠡᠮᠡᠷᠢ ᠦᠵᠡᠭᠦᠯᠬᠦ᠂ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭ᠎ᠠ ᠶᠢ ᠦᠨᠡᠨ ᠬᠦ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠦᠨ ᠠᠭᠤᠯᠤᠭᠳᠠᠬᠤᠨ ᠢ ᠤᠯᠠᠮ ᠲᠠᠨᠢᠭᠤᠯᠪᠠ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠨᠢᠭᠲᠠᠷᠠᠭᠤᠯᠬᠤ ᠪᠣᠯᠤᠨ᠎ᠠ᠃  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号