ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠬᠥᠳᠡᠭᠡ ᠲᠣᠰᠬᠤᠨ ᠳᠤ ᠣᠷᠣᠵᠤ ᠂ ᠦᠢᠯᠡᠰ ᠪᠦᠲᠦᠭᠡᠬᠦ ᠤᠬᠠᠭᠤᠯᠭ᠎ᠠ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/4/3
  111.jpg
      ᠠᠵᠢᠯ ᠣᠯᠭᠤᠬᠤ ᠦᠢᠯᠡᠰ ᠪᠣᠰᠬᠠᠬᠤ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠢᠲᠤᠷ ᠬᠢᠵᠦ᠂ ᠣᠯᠠᠨ ᠲᠦᠮᠡᠨ ᠤ ᠠᠵᠢᠯ ᠣᠯᠭᠤᠯᠲᠠ ᠶᠢᠨ ᠲᠥᠷᠦ ᠶᠢᠨ ᠪᠣᠳᠣᠯᠭ᠎ᠠ ᠶᠢᠨ ᠲᠤᠬᠠᠢ ᠣᠶᠢᠯᠭᠠᠬᠤ ᠨᠣᠷᠮ᠎ᠠ ᠪᠠᠨ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂  ᠬᠤᠶᠠᠷᠬᠤᠳᠳᠤᠭ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠨ ᠲᠣᠰᠬᠤᠨ ᠳᠤ ᠬᠦᠷᠴᠦ ᠤᠬᠠᠭᠤᠯᠭ᠎ᠠ ᠬᠢᠵᠦ᠂ ᠲᠥᠷᠦ ᠶᠢᠨ ᠪᠣᠳᠣᠯᠭ᠎ᠠ ᠶᠢ ᠣᠯᠠᠨ ᠲᠦᠮᠡᠨ ᠳᠤ ᠬᠦᠷᠭᠡᠪᠡ᠃    ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠲᠠᠷᠬᠠᠭᠠᠬᠤ ᠶᠠᠪᠤᠴᠠ ᠳᠤ᠂ ᠠᠵᠢᠯᠲᠠᠳ ᠣᠯᠠᠨ ᠲᠦᠮᠡᠨ ᠳᠤ ᠠᠵᠢᠯ ᠤᠯᠭᠤᠬᠤ ᠪᠠ ᠠᠳᠠᠯ ᠦᠢᠯᠡᠰ ᠪᠦᠲᠦᠭᠡᠬᠦ ᠨᠥᠬᠦᠪᠥᠷᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠪᠦᠲᠦᠭᠡᠬᠦ ᠳᠠᠭᠠᠭᠠᠯᠲᠠ ᠶᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠭᠰᠠᠨ ᠪᠥᠭᠡᠳ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ ᠶᠢᠨ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠠᠶ ᠳᠤ ᠬᠠᠷᠢᠭᠤᠯᠲᠠ ᠥᠭᠪᠡ᠃ ᠡᠭᠦᠨ ᠤ ᠬᠠᠮᠲᠤ᠂《 ᠠᠵᠢᠯ ᠣᠯᠭᠤᠯᠲᠠ ᠵᠢᠦ ᠶᠤᠸᠠᠨ 》ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠢᠳᠡᠪᠬᠢᠲᠡᠶ ᠳᠡᠯᠭᠡᠷᠡᠭᠦᠯᠵᠦ᠂ ᠲᠡᠳᠡᠨ ᠤ ᠬᠠᠮᠤᠭ ᠤᠨ ᠰᠢᠨ᠎ᠡ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠪᠠ ᠠᠵᠢᠯᠲᠠᠨ ᠡᠯᠰᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠶᠢᠯᠠᠭᠠᠬᠤ ᠳᠤ ᠲᠥᠬᠦᠮ ᠦᠵᠡᠭᠦᠯᠪᠡ᠃ ᠲᠣᠰ ᠤᠳᠠᠭᠠᠨ ᠤ ᠤᠬᠠᠭᠤᠯᠭ᠎ᠠ ᠳᠤ ᠨᠡᠶᠢᠲᠡ 100 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠮᠠᠨ ᠤ ᠪᠠᠯᠭᠠᠰᠤᠨ ᠤ ᠠᠵᠢᠯ ᠣᠯᠵᠤ ᠦᠢᠯᠡᠰ ᠪᠦᠲᠦᠭᠡᠬᠦ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃    ᠲᠠᠷᠠᠭᠠᠴᠢ ᠪᠠᠷ᠂ ᠬᠤᠶᠠᠷᠬᠤᠳᠳᠤᠭ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠠᠵᠢᠯ ᠣᠯᠭᠤᠬᠤ ᠠᠳᠠᠯ ᠦᠢᠯᠡᠰ ᠪᠦᠲᠦᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠤᠬᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠨ᠂ ᠨᠠᠩ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠤᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠬᠦᠷᠲᠡᠭᠡᠨ᠂ ᠠᠵᠢᠯ ᠣᠯᠭᠤᠬᠤ ᠠᠳᠠᠯ ᠦᠢᠯᠡᠰ ᠪᠦᠲᠦᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠤᠨ᠎ᠠ᠃
22.jpg
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号