ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 2025 ᠣᠨ ᠤ ᠬᠠᠲᠤᠨ ᠭᠤᠤᠯ ᠤᠨ ᠪᠤᠭᠤᠲᠤ ᠶᠢᠨ ᠵᠢᠦ ᠶᠤᠸᠠᠨ ᠬᠡᠰᠡᠭ ᠤᠨ ᠵᠢᠭᠠᠰᠤᠨ ᠠᠩ ᠴᠠᠭᠠᠵᠠᠯᠠᠬᠤ ᠬᠤᠭᠤᠴᠠᠭᠠᠨ ᠤ ᠲᠥᠪᠯᠡᠷᠡᠩᠭᠦᠶ ᠤᠬᠠᠭᠤᠯᠭ᠎ᠠ ᠵᠢᠴᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/3
    4 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠵᠢᠤ ᠶᠤᠸᠠᠨ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠣᠷᠴᠢᠨ ᠲᠣᠭᠤᠷᠢᠨ ᠤ ᠢᠳᠡᠭᠡᠨ ᠡᠮ ᠤᠨ ᠲᠤᠷᠰᠢᠨ ᠪᠠᠶᠢᠴᠠᠭᠠᠬᠤ ᠶᠡᠭᠡ ᠠᠩᠭᠢ᠂ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠰᠠᠷᠠᠭᠤᠯ ᠵᠡᠭᠡᠯᠢ ᠭᠤᠳᠤᠮᠵᠢ᠂ ᠬᠤᠷᠢᠨᠭᠡᠷ ᠪᠠᠯᠭᠠᠰᠤᠨ ᠤ ᠵᠠᠰᠠᠭ ᠤᠨ ᠣᠷᠳᠣᠨ᠂ ᠬᠤᠶᠠᠷᠬᠤᠳᠳᠤᠭ ᠪᠠᠯᠭᠠᠰᠤᠨ ᠤ ᠵᠠᠰᠠᠭ ᠤᠨ ᠣᠷᠳᠣᠨ ᠵᠡᠷᠭᠡ ᠨᠢᠭᠡᠴᠡ ᠲᠠᠢ ᠬᠠᠮᠲᠤᠷᠠᠨ᠂ ᠬᠠᠲᠤᠨ ᠭᠤᠤᠯ ᠤᠨ ᠵᠢᠤ ᠶᠤᠸᠠᠨ ᠬᠡᠰᠡᠭ ᠤᠨ ᠪᠠᠭ᠎ᠠ ᠴᠠᠭᠠᠨ ᠭᠤᠤᠯ ᠤᠨ ᠦᠶᠡᠷ ᠢ ᠲᠣᠭᠲᠠᠭᠠᠬᠤ ᠣᠷᠣᠨ ᠤ ᠦᠵᠡᠮᠵᠢ ᠶᠢᠨ ᠶᠡᠭᠡ ᠵᠠᠮ ᠳᠤ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠶᠢ ᠲᠥᠪᠯᠡᠷᠡᠭᠦᠯᠦᠨ ᠤᠬᠠᠭᠤᠯᠬᠤ ᠵᠢᠴᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠵᠦ᠂ 2025 ᠣᠨ ᠤ ᠬᠠᠲᠤᠨ ᠭᠤᠤᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠬᠥᠰᠢᠭᠡ ᠶᠢ ᠪᠥᠬᠦ ᠲᠠᠯ᠎ᠠ ᠪᠠᠷ ᠨᠡᠭᠡᠭᠡᠪᠡ᠃
11.jpg   
    ᠲᠣᠰ ᠤᠳᠠᠭᠠᠨ ᠤ ᠠᠵᠢᠯᠯᠠᠭ᠎ᠠ ᠨᠢ《 ᠤᠬᠠᠭᠤᠯᠭ᠎ᠠ ᠰᠡᠷᠭᠡᠶᠢᠯᠡᠯᠲᠡ ᠶᠢ ᠤᠶᠠᠯᠳᠤᠭᠤᠯᠬᠤ 》ᠵᠠᠭᠪᠤᠷ ᠢᠶᠠᠷ ᠶᠠᠪᠤᠭᠳᠠᠨ᠎ᠠ : ᠬᠠᠤᠯᠢ ᠬᠡᠷᠡᠭᠵᠢᠭᠦᠯᠬᠦ ᠳᠤᠭᠤᠶᠢᠯᠠᠩ ᠭᠤᠤᠯᠳᠠᠯᠭ᠎ᠠ ᠲᠠᠢ ᠤᠰᠤᠨ ᠣᠷᠣᠨ᠂ ᠭᠠᠷᠠᠮ ᠵᠢᠴᠢ ᠡᠷᠬᠢᠨ ᠲᠣᠭᠤᠷᠢᠨ ᠤ ᠣᠷᠣᠨ ᠪᠦᠰᠡ ᠳᠤ ᠲᠤᠤᠷ ᠲᠠᠲᠠᠬᠤ ᠮᠠᠶ᠋ᠢᠭ ᠢᠶᠠᠷ ᠲᠣᠭᠤᠷᠢᠨ ᠪᠠᠶᠢᠴᠠᠭᠠᠬᠤ ᠶᠢ ᠬᠡᠷᠡᠭᠵᠢᠭᠦᠯᠵᠦ᠂ ᠪᠠᠰᠠ ᠨᠡᠭᠦᠳᠡᠯ ᠮᠠᠰᠢᠨ ᠢᠶᠠᠷ ᠭᠤᠤᠯ ᠳᠠᠭᠠᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠭᠤᠨ ᠳᠠᠪᠲᠠᠮᠵᠢ ᠨᠡᠪᠲᠡᠷᠡᠭᠦᠯᠵᠦ ᠤᠬᠠᠭᠤᠯᠤᠨ᠂ ᠡᠷᠭᠢ ᠳᠠᠭᠠᠤ ᠶᠢᠨ ᠣᠯᠠᠨ ᠲᠦᠮᠡᠨ ᠳᠤ《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ 》《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ 》《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ〈 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ 〉 ᠶᠢ ᠬᠡᠷᠡᠭᠵᠢᠭᠦᠯᠬᠦ ᠠᠷᠭ᠎ᠠ 》《 ᠤᠰᠤᠨ ᠤ ᠠᠮᠢᠳᠤ ᠪᠣᠳᠠᠰ ᠤᠨ ᠥᠷᠲᠡᠭ ᠨᠡᠮᠡᠭᠳᠡᠯ ᠤᠨ ᠬᠠᠮᠢᠶᠠᠷᠤᠯᠲᠠ ᠶᠢᠨ ᠲᠣᠭᠲᠠᠭᠠᠯ 》ᠵᠡᠷᠭᠡ ᠵᠢᠭᠠᠰᠤᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠬᠠᠮᠢᠶᠠᠷᠤᠯᠲᠠ ᠶᠢᠨ ᠱᠠᠭᠠᠷᠳᠠᠯᠭ᠎ᠠ᠂ ᠰᠡᠯᠡᠭᠦᠴᠡᠨ ᠵᠢᠭᠠᠰᠤ ᠭᠥᠬᠢᠳᠡᠬᠦ ᠵᠢᠷᠤᠮᠵᠢᠯ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠰᠬᠠᠶ ᠠᠵᠢᠯ ᠤᠨ ᠬᠠᠷᠢᠭᠤᠯᠲᠠ ᠬᠢᠬᠦ ᠶᠢᠨ ᠬᠠᠮᠲᠤ ᠲᠣᠭᠲᠠᠭᠠᠯ ᠳᠤ ᠨᠡᠶᠢᠴᠡᠭᠰᠡᠨ ᠵᠢᠭᠠᠰᠤ ᠠᠩᠨᠠᠬᠤ ᠪᠠᠭᠠᠵᠢ ᠪᠠ ᠬᠡᠷᠡᠭᠯᠡᠬᠦ ᠶᠢ ᠴᠠᠭᠠᠵᠠᠯᠠᠭᠰᠠᠨ ᠪᠠᠭᠠᠵᠢ ᠶᠢᠨ ᠢᠯᠭᠠᠭ᠎ᠠ ᠶᠢ ᠲᠤᠬᠠᠶ ᠶᠢᠨ ᠲᠠᠯᠠᠪᠠᠶ ᠳᠤ ᠦᠵᠡᠭᠦᠯᠪᠡ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠦᠷᠭᠦᠯᠵᠢᠯᠡᠨ《 ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ 》ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠥᠨᠢ ᠪᠠᠷ ᠭᠡᠨᠡᠳᠲᠡ ᠶᠢᠨ ᠪᠠᠶᠢᠴᠠᠭᠠᠯᠲᠠ ᠥᠷᠨᠢᠭᠦᠯᠵᠦ᠂ ᠬᠠᠤᠯᠢ ᠪᠤᠰᠤ ᠪᠠᠷ ᠠᠩᠨᠠᠵᠤ ᠱᠦᠭᠦᠬᠦ᠂ ᠲᠡᠭᠡᠭᠡᠪᠦᠷᠢᠯᠡᠬᠦ᠂ ᠪᠣᠷᠣᠯᠠᠭᠤᠯᠬᠤ ᠬᠡᠯᠬᠢᠶ᠎ᠡ ᠳᠤ ᠴᠢᠩᠭ᠎ᠠ ᠴᠣᠬᠢᠯᠲᠠ ᠥᠭᠭᠦᠨ᠎ᠡ᠃ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠶᠢ ᠠᠯᠪᠠᠨ ᠤ ᠰᠦᠯᠵᠢᠶ᠎ᠡ᠂ ᠣᠯᠠᠨ ᠨᠡᠶᠢᠲᠡ ᠶᠢᠨ ᠳ᠋ᠤᠭᠠᠷ ᠢᠶᠠᠷ ᠴᠠᠭ ᠲᠤᠬᠠᠶ ᠳᠤᠨᠢ ᠰᠢᠨᠡᠳᠬᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号