ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠲᠤᠰᠬᠠᠶ ᠰᠡᠳᠦᠪᠲᠦ ᠰᠣᠯᠢᠯᠴᠠᠭ᠎ᠠ ᠥᠷᠨᠢᠭᠦᠯᠵᠦ ᠬᠤᠲᠠ ᠶᠢᠨ ᠵᠠᠰᠠᠯᠲᠠ ᠶᠢᠨ ᠰᠢᠨ᠎ᠡ ᠠᠷᠭ᠎ᠠ ᠵᠠᠮ ᠢ ᠬᠠᠮᠲᠤ ᠪᠠᠷ ᠰᠦᠪᠡᠭᠴᠢᠯᠡᠶ᠎ᠡ
ᠨᠡᠶᠢᠲᠡᠯᠡᠭᠰᠡᠨ ᠴᠠᠭ᠄
2025/4/3
    ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠬᠦ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠮᠢᠶ᠎ᠠ ᠪᠥᠬᠦᠶ ᠬᠥᠮᠦᠰ ᠵᠢᠤ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠦᠷᠴᠦ ᠲᠤᠰᠬᠠᠶ ᠰᠡᠳᠦᠪᠲᠦ ᠰᠤᠷᠤᠯᠴᠠᠯᠭ᠎ᠠ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃ ᠬᠤᠶᠠᠷ ᠲᠠᠯ᠎ᠠ ᠪᠠᠷ ᠢᠶᠠᠨ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠭᠤᠤᠯ ᠭᠤᠭᠴᠤᠭ᠎ᠠ ᠶᠢᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ᠂ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠰᠢᠯᠢᠳᠡᠭᠵᠢᠭᠦᠯᠬᠦ᠂ ᠬᠢᠨᠠᠨ ᠰᠢᠯᠭᠠᠬᠤ ᠴᠤᠪᠤᠷᠠᠯ ᠤᠨ ᠵᠢᠷᠤᠮᠵᠢᠯ ᠵᠢᠴᠢ ᠭᠤᠷᠪᠠᠨ ᠬᠤᠯᠪᠣᠭᠠᠲᠤ ᠬᠠᠭᠤᠳᠠᠰᠤ ᠶᠢᠨ ᠲᠦᠷᠢᠮ ᠤᠨ ᠦᠢᠯᠡᠳᠦᠯᠭᠡ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠦᠲᠦᠮᠵᠢᠲᠡᠶ ᠵᠠᠰᠠᠯᠲᠠ ᠶᠢᠨ ᠰᠢᠨ᠎ᠡ ᠵᠠᠭᠪᠤᠷ ᠢ ᠬᠠᠮᠲᠤ ᠪᠠᠷ ᠰᠦᠪᠡᠭᠴᠢᠯᠡᠵᠦ᠂ ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃
11.jpg
    ᠶᠠᠷᠢᠯᠴᠠᠬᠤ ᠬᠤᠷᠠᠯ ᠳᠡᠭᠡᠷ᠎ᠡ᠂ ᠵᠢᠤ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ ᠡᠤ ᠱᠧᠩ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠠᠰᠤᠭ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠪᠥᠬᠦ ᠬᠡᠯᠬᠢᠶᠡᠨ ᠤ ᠲᠤᠷᠰᠢᠯᠭ᠎ᠠ ᠶᠢ ᠰᠢᠰᠲ᠋ᠧᠮ ᠲᠠᠢ ᠲᠠᠨᠢᠯᠴᠠᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠳᠤ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠭᠤᠶᠤᠴᠢᠯᠠᠯ ᠤᠨ ᠮᠠᠲ᠋ᠧᠷᠢᠶᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠵᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ ᠠᠴᠠ ᠬᠢᠨᠠᠨ ᠵᠥᠪᠰᠢᠶᠡᠷᠡᠬᠦ ᠬᠦᠷᠲᠡᠯᠡᠬᠢ ᠨᠠᠷᠢᠯᠢᠭᠵᠢᠭᠤᠯᠤᠭᠰᠠᠨ ᠴᠤᠪᠤᠷᠠᠯ ᠢ ᠲᠣᠳᠣᠷᠬᠠᠶᠢᠯᠠᠵᠤ᠂ ᠤᠷᠢᠳᠠᠴᠢ ᠬᠢᠨᠠᠨ ᠬᠠᠷᠭᠤᠭᠤᠯᠤᠯᠲᠠ ᠪᠠᠷ ᠳᠡᠮᠵᠢᠨ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ ᠲᠠᠷᠠᠭᠠᠴᠢ ᠶᠢᠨ ᠬᠢᠨᠠᠯᠲᠠ ᠬᠠᠮᠢᠶᠠᠷᠤᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ ᠰᠢᠭᠤᠶᠢᠲᠤ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠨᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ ᠭᠤᠤᠯᠳᠠᠯᠭ᠎ᠠ᠂ ᠴᠤᠪᠤᠷᠠᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢᠴᠢ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠪᠠᠷᠢᠯ ᠢ ᠭᠦᠨᠵᠡᠭᠡᠶ ᠣᠶᠢᠯᠠᠭᠠᠪᠠ᠃ ᠬᠢᠨᠠᠨ ᠰᠢᠯᠭᠠᠬᠤ ᠶᠠᠪᠤᠴᠠ ᠳᠤ ᠴᠢᠭᠯᠡᠭᠦᠯᠦᠨ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠬᠤᠶᠠᠷ ᠲᠠᠯ᠎ᠠ ᠪᠠᠷ ᠢᠶᠠᠨ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠤᠷ᠎ᠠ ᠮᠡᠷᠭᠡᠵᠢᠯ ᠤᠨ ᠲᠣᠭᠤᠷᠢᠨ ᠳᠤ ᠭᠦᠨᠵᠡᠭᠡᠢ ᠰᠣᠯᠢᠯᠴᠠᠭᠰᠠᠨ ᠪᠥᠭᠡᠳ ᠤᠷᠳᠤ ᠬᠤᠭᠤᠴᠠᠭᠠᠨ ᠤ ᠠᠵᠢᠯ ᠤᠨ ᠳᠤᠮᠳᠠ ᠳ᠋ᠦᠩᠨᠡᠭᠰᠡᠨ ᠪᠠᠶᠠᠯᠢᠭ ᠲᠤᠷᠰᠢᠯᠭ᠎ᠠ ᠪᠠᠨ ᠬᠤᠪᠢᠶᠠᠯᠴᠠᠪᠠ᠃    ᠰᠣᠯᠢᠯᠴᠠᠭᠠᠨ ᠤ ᠳᠤᠮᠳᠠ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠭᠤᠷᠪᠠᠨ ᠬᠤᠯᠪᠣᠭᠠᠲᠤ ᠬᠠᠭᠤᠳᠠᠰᠤ ᠶᠢᠨ ᠲᠦᠷᠢᠮ ᠤᠨ ᠦᠢᠯᠡᠳᠦᠯᠭᠡ ᠶᠢᠨ ᠦᠷ᠎ᠡ ᠪᠦᠲᠦᠭᠡᠯ ᠢ ᠭᠤᠤᠯᠳᠠᠯᠭ᠎ᠠ ᠲᠠᠢ ᠳᠡᠯᠭᠡᠨ ᠦᠵᠡᠭᠦᠯᠵᠡᠶ᠃ ᠭᠤᠷᠪᠠᠨ ᠬᠤᠯᠪᠣᠭᠠᠲᠤ ᠬᠠᠭᠤᠳᠠᠰᠤ ᠶᠢ ᠣᠯᠭᠤᠬᠤ᠂ ᠡᠷᠭᠢᠯᠳᠦᠭᠦᠯᠬᠦ ᠪᠠ ᠲᠠᠩᠰᠠ ᠡᠪᠬᠡᠮᠡᠯ ᠳᠤ ᠣᠷᠣᠭᠤᠯᠬᠤ ᠶᠠᠪᠤᠴᠠ ᠶᠢ ᠵᠢᠷᠤᠮᠵᠢᠭᠤᠯᠬᠤ ᠪᠠᠷ ᠳᠡᠮᠵᠢᠨ᠂ ᠪᠠᠷᠢᠯᠭ᠎ᠠ ᠶᠢᠨ ᠬᠤᠭ ᠨᠣᠪᠰᠢ ᠶᠢᠨ ᠪᠣᠶ ᠪᠣᠯᠬᠤ᠂ ᠲᠡᠭᠡᠭᠡᠪᠦᠷᠢᠯᠡᠬᠦ ᠠᠴᠠ ᠰᠢᠩᠭᠡᠭᠡᠬᠦ ᠬᠦᠷᠲᠡᠯᠡᠬᠢ ᠪᠥᠬᠦ ᠶᠠᠪᠤᠴᠠ ᠶᠢ ᠮᠥᠷᠳᠡᠨ ᠬᠠᠮᠢᠶᠠᠷᠴᠤ ᠪᠣᠯᠬᠤ ᠶᠢ ᠪᠡᠶᠡᠯᠡᠭᠦᠯᠪᠡ᠃ ᠡᠨᠡ ᠬᠦ ᠵᠠᠭᠪᠤᠷ ᠨᠢ ᠲᠣᠭᠲᠠᠭᠠᠯ ᠠᠴᠠ ᠵᠥᠷᠢᠴᠡᠨ ᠴᠢᠳᠬᠤᠬᠤ᠂ ᠬᠠᠤᠯᠢ ᠪᠤᠰᠤ ᠪᠠᠷ ᠰᠢᠢᠳᠪᠦᠷᠢᠯᠡᠬᠦ ᠵᠡᠷᠭᠡ ᠠᠰᠠᠭᠤᠳᠠᠯ ᠢ ᠪᠦᠲᠦᠮᠵᠢᠲᠡᠶ ᠬᠤᠷᠢᠭᠯᠠᠵᠤ᠂《 ᠡᠬᠢ ᠡᠭᠦᠰᠦᠯ ᠠᠴᠠ ᠨᠢ ᠴᠢᠩᠭ᠎ᠠ ᠡᠵᠡᠮᠳᠡᠬᠦ᠂ ᠲᠡᠭᠡᠭᠡᠪᠦᠷᠢ ᠶᠢ ᠴᠢᠩᠭ᠎ᠠ ᠬᠠᠮᠢᠶᠠᠷᠬᠤ᠂ ᠲᠡᠭᠦᠰᠬᠡᠯ ᠦᠵᠦᠭᠦᠷ ᠢ ᠴᠢᠩᠭ᠎ᠠ ᠵᠠᠰᠠᠬᠤ 》ᠪᠢᠲᠡᠭᠦᠦ ᠴᠠᠭᠠᠷᠢᠭ ᠤᠨ ᠰᠢᠰᠲ᠋ᠧᠮ ᠢ ᠪᠣᠶ ᠪᠣᠯᠭᠠᠪᠠ᠃    ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠣᠷᠳᠣ ᠬᠤᠭᠤᠴᠠᠭᠠᠨ ᠤ ᠪᠦᠲᠦᠮᠵᠢᠲᠡᠶ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠮᠡᠷᠭᠡᠵᠢᠯ ᠢᠶᠠᠨ ᠬᠠᠷᠢᠯᠴᠠᠨ ᠲᠣᠯᠢᠯᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠪᠡᠷᠬᠡ ᠰᠡᠳᠦᠪ ᠢ ᠬᠠᠮᠲᠤ ᠪᠠᠷ ᠰᠢᠢᠳᠪᠦᠷᠢᠯᠡᠨ᠎ᠡ ᠭᠡᠵᠦ ᠰᠠᠨᠠᠯ ᠨᠢᠭᠡᠲᠡᠶ ᠢᠯᠡᠷᠬᠡᠶᠢᠯᠡᠵᠡᠶ᠃ ᠢᠷᠡᠭᠡᠳᠦᠶ ᠳᠤ᠂ ᠬᠤᠶᠠᠷ ᠭᠠᠵᠠᠷ ᠤᠨ ᠬᠢᠨ ᠲᠣᠰ ᠤᠳᠠᠭᠠᠨ ᠤ ᠰᠣᠯᠢᠯᠴᠠᠭ᠎ᠠ ᠪᠠᠷ ᠡᠬᠢᠯᠡᠯᠲᠡ ᠪᠣᠯᠭᠠᠵᠤ᠂ ᠣᠶᠤᠨᠴᠢ ᠬᠢᠨᠠᠯᠲᠠ ᠬᠠᠮᠢᠶᠠᠷᠤᠯᠲᠠ᠂ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠰᠢᠨ᠎ᠡ ᠶᠢ ᠡᠭᠦᠳᠬᠦ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ᠬᠤᠲᠠ ᠶᠢᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号