4 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠸᠠᠩ ᠶᠦᠩ᠂ ᠲᠤᠭᠤᠷᠢᠭ ᠤᠨ ᠨᠠᠮ ᠵᠠᠰᠠᠭ ᠤᠨ ᠠᠯᠪᠠᠨ ᠠᠰᠠᠷ ᠤᠨ 338 ᠬᠤᠷᠠᠯ ᠤᠨ ᠬᠡᠷ ᠲᠤ ᠵᠢᠦ | ᠶᠤᠸᠠᠨ ᠲᠣᠭᠤᠷᠢᠭ ᠤᠨ 2025 ᠣᠨ ᠤ ᠣᠶ ᠰᠢᠭᠤᠶ ᠶᠢᠨ ᠳᠠᠷᠤᠭ᠎ᠠ ᠶᠢᠨ ᠬᠤᠷᠠᠯ ᠤᠨ ᠬᠤᠶᠠᠳᠤᠭᠠᠷ ᠤᠳᠠᠭ᠎ᠠ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠭᠤ 2025 ᠣᠨ ᠤ ᠬᠠᠩᠰᠢ ᠶᠢᠨ ᠬᠤᠭᠤᠴᠠᠭᠠᠨ ᠳᠠᠬᠢ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠪᠠ᠃ | | | | ᠬᠤᠷᠠᠯ ᠠᠴᠠ ᠴᠢᠬᠤᠯᠠᠴᠢᠯᠠᠭᠰᠠᠨ ᠨᠢ : ᠨᠢᠭᠡ ᠳᠤ ᠡᠯ᠎ᠡ ᠬᠠᠷᠢᠭᠤᠴᠠᠯᠭᠠᠲᠤ ᠨᠢᠭᠡᠴᠡ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂《 ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ | ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ 》ᠪᠠ《 ᠠᠵᠢᠯ ᠲᠥᠷᠥᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ 》ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠬᠤᠶᠠᠷ ᠲᠤ ᠭᠠᠯ ᠤᠨ ᠡᠬᠢ ᠰᠤᠷᠪᠤᠯᠵᠢ ᠶᠢ | ᠬᠠᠮᠢᠶᠠᠷᠤᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠢᠩᠭᠠᠳᠬᠠᠵᠤ᠂ ᠣᠶ ᠰᠢᠭᠤᠶ | ᠲᠠᠷᠢᠶᠠᠯᠠᠩ ᠰᠣᠯᠪᠢᠴᠠᠭᠰᠠᠨ ᠣᠷᠣᠨ ᠪᠦᠰᠡ ᠶᠢᠨ ᠰᠠᠭᠤᠭᠠᠯᠢ ᠠᠷᠠᠳ ᠤᠨ ᠴᠡᠭ᠂ ᠣᠶ ᠰᠢᠭᠤᠶ ᠬᠠᠳᠤᠯᠠᠩ | ᠪᠡᠯᠴᠢᠭᠡᠷ᠂ ᠨᠣᠭᠤᠭᠠᠷᠠᠭᠤᠯᠤᠯᠲᠠ ᠶᠢᠨ ᠲᠤᠰᠠᠭᠠᠷᠯᠠᠭᠰᠠᠨ ᠪᠦᠰᠡ ᠶᠢᠨ ᠣᠶ ᠰᠢᠭᠤᠶ ᠶᠢᠨ ᠢᠨᠵᠧᠨᠧᠷᠢᠩ ᠤᠨ | ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠰᠡᠷᠭᠡᠶᠢᠯᠡᠵᠦ᠂ ᠭᠦᠢᠴᠡᠳ ᠬᠦᠴᠦᠨ ᠢ ᠵᠣᠬᠢᠶᠠᠨ | ᠪᠠᠶᠢᠭᠤᠯᠵᠤ ᠲᠣᠭᠤᠷᠢᠨ ᠪᠠᠶᠢᠴᠠᠭᠠᠵᠤ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ ᠬᠡᠷᠡᠭ ᠤᠨ ᠡᠮᠦᠨ᠎ᠡ ᠬᠦᠴᠦᠯᠡᠬᠦ᠂ | ᠪᠣᠭᠤᠮᠲᠠ ᠶᠢ ᠤᠷᠤᠭᠰᠢ ᠰᠢᠯᠵᠢᠭᠦᠯᠬᠦ ᠶᠢ ᠴᠢᠩᠭᠠᠷᠠᠭᠤᠯᠵᠤ᠂ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ | ᠪᠠ《 ᠭᠠᠯ ᠪᠠᠶᠢᠪᠠᠯ ᠵᠠᠪᠠᠯ ᠮᠡᠳᠡᠭᠦᠯᠬᠦ 》᠂《 ᠮᠡᠳᠡᠭᠦᠯᠵᠦ ᠤᠨᠲᠠᠷᠠᠭᠠᠬᠤ ᠶᠢ ᠵᠡᠷᠭᠡ ᠳᠤᠨᠢ | ᠶᠠᠪᠤᠭᠳᠠᠭᠤᠯᠬᠤ》ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠭᠤᠷᠪᠠ ᠳᠤ ᠬᠢᠵᠠᠭᠠᠷ ᠱᠤᠭᠤᠮ ᠤᠨ | ᠰᠡᠳᠬᠢᠬᠦᠶ᠂ ᠲᠦᠢᠯᠰᠢᠷᠠᠯ ᠰᠡᠳᠬᠢᠬᠦᠶ ᠪᠠᠨ ᠴᠢᠩᠭᠠᠳᠬᠠᠵᠤ᠂ ᠤᠷᠢᠳᠴᠢᠯᠠᠨ ᠠᠳᠬᠤᠵᠤ ᠡᠷᠲᠡ ᠠᠴᠠ ᠠᠳᠬᠤᠨ᠂ | ᠤᠷᠢᠳ ᠢᠶᠠᠷ ᠲᠥᠯᠥᠪᠵᠢᠭᠦᠯᠵᠦ ᠲᠦᠷᠭᠡᠨ ᠬᠥᠳᠡᠯᠦᠯᠴᠡᠵᠦ᠂ ᠭᠤᠤᠯᠳᠠᠯᠭ᠎ᠠ ᠲᠠᠢ ᠣᠷᠣᠨ ᠪᠠᠶᠢᠷᠢ᠂ ᠠᠶᠤᠯ | ᠲᠦᠭᠰᠢᠭᠦᠷᠢ ᠶᠡᠬᠡᠲᠡᠶ ᠭᠠᠵᠠᠷ ᠣᠷᠣᠨ ᠤ ᠣᠬᠤᠷᠬᠠᠨ ᠬᠤᠭᠤᠴᠠᠭᠠᠨ ᠳᠤ ᠤᠷᠢᠳᠴᠢᠯᠠᠨ ᠮᠡᠳᠡᠭᠡᠯᠡᠬᠦ ᠪᠠ | ᠤᠷᠢᠳᠴᠢᠯᠠᠨ ᠰᠡᠷᠡᠮᠵᠢᠯᠡᠭᠦᠯᠵᠦ ᠲᠦᠷᠭᠡᠨ ᠮᠡᠳᠡᠭᠦᠯᠬᠦ ᠶᠢ ᠴᠢᠩᠭᠠᠳᠬᠠᠵᠤ᠂《 ᠵᠢᠷᠭᠤᠭ᠎ᠠ ᠶᠢ ᠨᠢᠭᠡ | ᠴᠤᠭᠴᠠᠵᠢᠭᠤᠯᠬᠤ 》ᠠᠷᠭ᠎ᠠ ᠪᠠᠷᠢᠯ ᠢ ᠠᠰᠢᠭᠯᠠᠨ᠂ ᠭᠠᠯ ᠤᠨ ᠪᠠᠶᠢᠳᠠᠯ ᠢ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ | ᠡᠷᠲᠡ ᠰᠢᠢᠳᠪᠦᠷᠢᠯᠡᠬᠦ ᠶᠢ ᠪᠦᠬᠦᠯᠢ ᠡᠳᠦᠷ ᠢᠶᠠᠷ᠂ ᠪᠣᠰᠤᠭ᠎ᠠ ᠴᠣᠭᠴᠠ ᠪᠠᠷ ᠬᠢᠨᠠᠨ ᠰᠢᠨᠵᠢᠨ᠎ᠡ᠃ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠠᠨᠠᠭᠠᠴᠢᠯᠠᠭᠠᠲᠤ ᠲᠡᠶᠢᠨ ᠢ | ᠡᠷᠡᠰ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠩᠰᠢ ᠶᠢᠨ ᠬᠤᠭᠤᠴᠠᠭᠠᠨ ᠳᠠᠬᠢ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠨ᠎ᠠ᠃ | | | | | | |