ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠭᠡᠳᠬᠡᠵᠦ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠥᠷᠨᠢᠩᠭᠦᠶ ᠬᠥᠭᠵᠢᠯᠲᠡ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2025/4/3
    ᠮᠠᠨ ᠤ ᠲᠤᠭᠤᠷᠢᠭ ᠲᠤ ᠣᠲᠣ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ 4 ᠪᠠᠶᠢᠵᠤ᠂ 2025 ᠣᠨ ᠤ 1-3 ᠰᠠᠷ᠎ᠠ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 69.7735 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 275% ᠪᠠᠷ ᠨᠡᠮᠡᠭᠳᠡᠵᠦ᠂ ᠠᠷᠠᠯᠵᠢᠶᠠᠯᠠᠭᠰᠠᠨ ᠲᠤᠭ᠎ᠠ ᠨᠢ 4587.0573 ᠲᠦᠮᠡᠨ ᠲᠥᠭᠦᠷᠢᠭ ᠲᠤ ᠬᠦᠷᠴᠡᠶ᠃ ᠣᠷᠣᠨ ᠪᠦᠰᠡ ᠶᠢᠨ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠢᠯ ᠲᠦᠷᠦᠯ ᠢ ᠬᠦᠭᠵᠢᠭᠦᠯᠦᠨ ᠪᠤᠵᠠᠭᠠᠶᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠶᠢ ᠴᠢᠩᠭᠠᠳᠬᠠᠵᠤ᠂ ᠶᠢᠨ ᠸᠧᠢ ᠳ᠋ᠠ ᠬᠤᠪᠣᠷ ᠰᠢᠷᠣᠶ᠂ ᠫᠤ ᠵᠢᠩ ᠵᠢᠤᠢ ᠨᠧᠩ ᠵᠡᠷᠭᠡ ᠡᠷᠬᠢᠨ ᠲᠣᠭᠤᠷᠢᠨ ᠤ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠲᠦᠢᠯ ᠤᠨ ᠣᠨᠣᠪᠴᠢᠲᠠᠶ ᠪᠠᠷ ᠵᠣᠯᠭᠠᠭᠤᠯᠵᠤ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠬᠡᠪᠴᠢᠶ᠎ᠡ ᠶᠢ ᠨᠢ ᠥᠷᠭᠡᠳᠬᠡᠨ᠎ᠡ︔ ᠠᠵᠤ ᠠᠬᠤᠶᠢᠯᠠᠯ ᠤᠨ ᠦᠢᠯᠡᠴᠢᠯᠡᠭᠡᠨ ᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂《 ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ》ᠬᠦᠴᠢᠷᠳᠡᠯ ᠢ ᠰᠢᠢᠳᠪᠦᠷᠢᠯᠡᠬᠦ ᠲᠥᠰᠦᠯ ᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠶᠢᠯᠢ ᠶᠢᠨ ᠪᠢᠯᠧᠲ ᠵᠡᠷᠭᠡ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ︔ ᠨᠡᠪᠲᠡᠷᠡᠯᠴᠡᠬᠦ ᠬᠥᠭᠦᠷᠭᠡ ᠬᠤᠯᠪᠣᠭᠠᠰᠤ ᠪᠠᠶᠢᠭᠤᠯᠵᠤ᠂ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠨᠡᠪᠲᠡᠷᠡᠯᠴᠡᠨ ᠬᠠᠷᠢᠯᠴᠠᠬᠤ ᠰᠦᠷᠦᠭᠵᠢᠯ ᠢ ᠪᠠᠶᠢᠭᠤᠯᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠶᠢᠴᠠᠭᠠᠨ ᠰᠤᠳᠤᠯᠤᠯᠲᠠ ᠪᠠ ᠰᠤᠷᠪᠤᠯᠵᠢᠯᠠᠯ ᠢ ᠥᠷᠨᠢᠭᠦᠯᠬᠦ᠂ ᠲᠤᠰᠬᠠᠶ ᠬᠥᠮᠦᠨ ᠳᠣᠭᠢᠷᠠᠭᠤᠯᠤᠨ ᠠᠵᠤ ᠠᠬᠤᠶᠢᠯᠠᠯ ᠲᠠᠢ ᠵᠣᠯᠭᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠣᠶᠢᠯᠠᠭᠠᠬᠤ ᠶᠢᠨ ᠬᠠᠮᠲᠤ ᠰᠢᠢᠳᠪᠦᠷᠢᠯᠡᠵᠦ᠂ ᠠᠵᠤ ᠠᠬᠤᠶᠢᠯᠠᠯ ᠤᠨ ᠬᠤᠳᠠᠯᠳᠤᠭ᠎ᠠ ᠡᠵᠡᠩᠨᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠲᠠᠷᠠᠭᠠᠴᠢ ᠪᠠᠷ ᠮᠠᠨ ᠤ ᠲᠣᠪᠴᠢᠶ᠎ᠠ ᠪᠤᠰᠤᠳ ᠭᠤᠤᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠲᠠᠢ ᠦᠷᠭᠦᠯᠵᠢᠯᠡᠨ ᠵᠣᠯᠭᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ ᠠᠵᠤ ᠦᠢᠯᠡᠰ ᠤᠨ ᠬᠡᠪᠴᠢᠶ᠎ᠡ ᠪᠠᠨ ᠥᠷᠭᠡᠳᠬᠡᠬᠦ ᠶᠢᠨ ᠬᠠᠮᠲᠤ ᠲᠣᠰ ᠭᠠᠵᠠᠷ ᠵᠢᠴᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠭᠤᠯᠵᠤ᠂ ᠮᠠᠨ ᠤ ᠲᠤᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ ᠲᠠᠨᠢᠯᠴᠠᠭᠤᠯᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠪᠠ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠠᠵᠤ ᠠᠬᠤᠶᠢᠯᠠᠯ ᠳᠤ ᠨᠡᠪᠲᠡᠷᠡᠯᠴᠡᠬᠦ ᠬᠥᠭᠦᠷᠭᠡ ᠲᠠᠯᠪᠢᠵᠤ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号