ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠤᠯᠠᠮ ᠨᠢᠭᠡ | ᠠᠯᠬᠤᠮ ᠨᠠᠢᠳᠠᠪᠤᠷᠢᠵᠢᠭᠤᠯᠬᠤ᠂ ᠡᠰᠢ ᠰᠦᠷᠡᠯ ᠢ ᠵᠠᠳᠠᠭᠠᠢ ᠰᠢᠲᠠᠭᠠᠵᠤ ᠪᠣᠬᠢᠷᠲᠤᠯ ᠡᠭᠦᠰᠭᠡᠬᠦ ᠪᠠ ᠣᠢ ᠰᠢᠭᠤᠢ ᠶᠢᠨ | ᠭᠠᠯ ᠤᠨ ᠭᠠᠮᠰᠢᠭ ᠡᠭᠦᠰᠬᠦ ᠶᠢ ᠰᠡᠷᠭᠡᠶᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠬᠤ ᠶᠢᠨ | ᠲᠥᠯᠥᠭᠡ᠂ ᠤᠢᠢᠷ᠎ᠠ ᠳᠤ᠂ ᠬᠤᠶᠠᠷᠬᠤᠳᠳᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠶᠢᠨ ᠬᠠᠮᠲᠤᠷᠠᠭᠰᠠᠨ ᠪᠠᠯᠭᠠᠰᠤᠨ ᠤ ᠲᠤᠰᠬᠠᠢ ᠭᠠᠯ ᠤᠨᠲᠠᠷᠠᠭᠠᠬᠤ ᠠᠩᠭᠢ ᠡᠰᠢ ᠰᠦᠷᠡᠯ | ᠰᠢᠲᠠᠭᠠᠬᠤ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ | ᠥᠷᠨᠢᠭᠦᠯᠪᠡ᠃ | | | | ᠲᠣᠭᠤᠷᠢᠨ ᠪᠠᠶᠢᠴᠠᠭᠠᠬᠤ ᠳᠤᠮᠳᠠ᠂ ᠠᠵᠢᠯᠲᠠᠳ ᠲᠠᠷᠢᠶᠠᠨ ᠭᠠᠵᠠᠷ ᠲᠤ ᠭᠦᠨᠵᠡᠭᠡᠶᠢᠷᠡᠨ᠂ ᠡᠰᠢ ᠰᠦᠷᠡᠯ | ᠰᠢᠲᠠᠭᠠᠬᠤ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠬᠠᠮᠢᠶᠠᠷᠤᠨ ᠡᠵᠡᠮᠳᠡᠬᠦ ᠪᠠ ᠤᠬᠠᠭᠤᠯᠬᠤ ᠠᠵᠢᠯ ᠢ ᠪᠥᠬᠦ | ᠲᠠᠯ᠎ᠠ ᠪᠠᠷ ᠥᠷᠨᠢᠭᠦᠯᠵᠦ᠂ ᠡᠰᠢ ᠰᠦᠷᠡᠯ ᠰᠢᠲᠠᠭᠠᠵᠤ ᠮᠡᠳᠡᠬᠦ ᠣᠷᠣᠨ ᠪᠦᠰᠡ ᠶᠢ ᠭᠤᠤᠯᠳᠠᠯᠭ᠎ᠠ ᠲᠠᠢ ᠲᠣᠭᠤᠷᠢᠨ | ᠪᠠᠶᠢᠴᠠᠭᠠᠬᠤ ᠶᠢᠨ ᠬᠠᠮᠲᠤ ᠡᠰᠢ ᠰᠦᠷᠡᠯ ᠰᠢᠲᠠᠭᠠᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠢᠳᠬᠠᠨ | ᠬᠤᠷᠢᠭᠯᠠᠨ᠎ᠠ᠃ ᠡᠭᠦᠨ ᠤ ᠬᠠᠮᠲᠤ᠂ ᠠᠵᠢᠯᠲᠠᠳ ᠡᠰᠢ ᠰᠦᠷᠡᠯ ᠰᠢᠲᠠᠭᠠᠬᠤ ᠳᠤ ᠠᠮᠢ ᠠᠬᠤᠶ ᠶᠢᠨ ᠣᠷᠴᠢᠨ | ᠲᠣᠭᠤᠷᠢᠨ ᠳᠤ ᠦᠵᠡᠭᠦᠯᠬᠦ ᠬᠤᠤᠷ ᠬᠥᠨᠥᠭᠡᠯ ᠵᠢᠴᠢ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ | ᠬᠦᠯᠢᠴᠡᠩᠭᠦᠶ ᠪᠠᠷ ᠣᠯᠠᠨ ᠲᠦᠮᠡᠨ ᠳᠤ ᠲᠠᠶᠢᠯᠪᠤᠷᠢᠯᠠᠨ ᠥᠭᠴᠦ᠂ ᠪᠠᠰᠠ ᠣᠯᠠᠨ ᠲᠦᠮᠡᠨ ᠳᠤ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠶᠢᠨ ᠰᠠᠶᠢᠨ ᠲᠠᠯ᠎ᠠ ᠵᠢᠴᠢ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠶᠡᠷᠦᠩᠬᠡᠶᠢᠯᠡᠨ | ᠠᠰᠢᠭᠯᠠᠬᠤ ᠬᠤᠯᠪᠣᠭᠳᠠᠯ ᠪᠥᠬᠦᠶ ᠮᠡᠷᠭᠡᠵᠢᠯ ᠤᠨ ᠠᠷᠭ᠎ᠠ ᠬᠡᠮᠵᠢᠶ᠎ᠡ ᠶᠢ ᠤᠬᠠᠭᠤᠯᠵᠤ᠂ ᠣᠯᠠᠨ ᠲᠦᠮᠡᠨ ᠤ ᠡᠰᠢ | ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠪᠠ᠃ | ᠲᠠᠷᠠᠭᠠᠴᠢ ᠪᠠᠷ᠂ ᠬᠤᠶᠠᠷᠬᠤᠳᠳᠤᠭ ᠪᠠᠯᠭᠠᠰᠤ ᠪᠥᠬᠦ ᠣᠷᠣᠨ ᠪᠦᠰᠡ᠂ ᠪᠥᠬᠦ ᠴᠠᠭ᠂ ᠪᠥᠬᠦ ᠲᠠᠯ᠎ᠠ ᠪᠠᠷ | ᠰᠢᠲᠠᠭᠠᠬᠤ ᠶᠢ ᠴᠠᠭᠠᠵᠠᠯᠠᠬᠤ ᠲᠣᠭᠤᠷᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠵᠤ᠂ ᠪᠠᠯᠭᠠᠰᠤᠨ ᠤ | ᠬᠡᠪᠴᠢᠶᠡᠨ ᠳᠤ ᠲᠣᠭᠲᠠᠮᠠᠯ ᠪᠤᠰᠤ᠂ ᠪᠦᠬᠦᠯᠢ ᠡᠳᠦᠷ ᠢᠶᠠᠷ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠰᠢᠲᠠᠭᠠᠬᠤ ᠶᠢ ᠴᠠᠭᠠᠵᠠᠯᠠᠬᠤ ᠤᠬᠠᠭᠤᠯᠤᠭᠴᠢ ᠪᠠ | ᠦᠢᠯᠡᠳᠦᠯᠭᠡᠵᠢᠭᠦᠯᠦᠭᠴᠢ ᠪᠣᠯᠭᠠᠵᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ《 ᠰᠡᠷᠭᠡᠶᠢᠯᠡᠯᠲᠡ ᠶᠢᠨ | ᠬᠡᠷᠡᠮ》 ᠢ ᠪᠠᠲᠤ ᠴᠣᠭᠴᠠᠯᠠᠨ᠎ᠠ᠃ | | | | | | |