ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠶᠠᠯᠠᠨ ᠬᠠᠮᠠᠭᠠᠯᠠᠵᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠡᠷᠡᠭᠵᠢᠭᠦᠯᠦᠯᠲᠡ ᠶᠢᠨ ᠮᠡᠳᠡᠭᠦᠯᠦᠯᠲᠡ ᠶᠢᠨ ᠵᠢᠷᠤᠮᠵᠢᠯ ᠢ ᠲᠠᠭᠯᠠᠨ ᠮᠡᠳᠡᠭᠦᠯᠬᠦ ᠳᠤ ᠦᠢᠯᠡᠴᠢᠯᠡᠪᠡ
ᠨᠡᠶᠢᠲᠡᠯᠡᠭᠰᠡᠨ ᠴᠠᠭ᠄
2025/4/7
    2025 ᠣᠨ ᠤ ᠨᠢᠭᠡᠳᠦᠭᠡᠷ ᠤᠯᠠᠷᠢᠯ ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠡᠷᠡᠭᠵᠢᠭᠦᠯᠦᠯᠲᠡ ᠶᠢᠨ ᠮᠡᠳᠡᠭᠦᠯᠦᠯᠲᠡ ᠶᠢ ᠲᠠᠭᠯᠠᠨ ᠮᠡᠳᠡᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠥᠬᠦ ᠲᠠᠯ᠎ᠠ ᠪᠠᠷ ᠪᠠᠲᠤᠯᠠᠬᠤ ᠶᠢᠨ ᠲᠥᠯᠥᠭᠡ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠢᠳᠡᠪᠬᠢᠲᠡᠶ ᠬᠥᠳᠡᠯᠦᠯᠴᠡᠵᠦ᠂ ᠣᠶᠢᠷ᠎ᠠ ᠳᠤ ᠲᠤᠰᠬᠠᠶ ᠦᠢᠯᠡᠴᠢᠯᠡᠭᠡᠨ ᠤ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃ ᠬᠤᠪᠢᠶᠠᠷᠢ ᠲᠣᠪᠴᠢᠶ᠎ᠠ ᠨᠢ《 ᠪᠣᠯᠪᠠᠰᠤᠷᠠᠭᠤᠯᠤᠯ + ᠵᠢᠯᠣᠭᠤᠳᠤᠯᠭ᠎ᠠ + ᠬᠢᠨᠠᠨ ᠬᠠᠷᠭᠤᠭᠤᠯᠬᠤ 》ᠪᠦᠬᠦ ᠶᠠᠪᠤᠴᠠ ᠶᠢᠨ ᠬᠠᠪᠰᠤᠷᠤᠨ ᠲᠡᠳᠬᠦᠬᠦ ᠵᠠᠭᠪᠤᠷ ᠢ ᠰᠢᠨ᠎ᠡ ᠪᠠᠷ ᠡᠭᠦᠳᠴᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃    ᠠᠵᠢᠯᠯᠠᠭ᠎ᠠ ᠶᠢ ᠪᠡᠯᠡᠳᠬᠡᠬᠦ ᠱᠠᠲᠤᠨ ᠳᠤ᠂ ᠬᠤᠪᠢᠶᠠᠷᠢ ᠲᠣᠪᠴᠢᠶ᠎ᠠ ᠠᠴᠠ ᠬᠠᠷᠢᠶ᠎ᠠ ᠣᠷᠣᠨ ᠤ ᠳᠣᠲᠣᠷᠠᠬᠢ 40 ᠭᠠᠷᠤᠶ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠰᠦᠯᠵᠢᠶᠡᠨ ᠭᠠᠳᠠᠨᠠᠬᠢ ᠲᠥᠪᠯᠡᠷᠡᠭᠦᠯᠦᠨ ᠪᠣᠯᠪᠠᠰᠤᠷᠠᠭᠤᠯᠬᠤ ᠬᠤᠷᠠᠯ ᠢ ᠥᠷᠨᠢᠭᠦᠯᠪᠡ᠃ ᠬᠤᠷᠠᠯ ᠳᠡᠭᠡᠷ᠎ᠡ᠂ ᠠᠵᠢᠯᠲᠠᠳ《 ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠦᠷᠢᠮ 》 ᠲᠠᠢ ᠨᠢᠭᠲᠠ ᠤᠶᠠᠯᠳᠤᠭᠤᠯᠤᠨ᠂ ᠬᠡᠷᠡᠭᠵᠢᠭᠦᠯᠦᠯᠲᠡ ᠶᠢᠨ ᠮᠡᠳᠡᠭᠦᠯᠦᠯᠲᠡ ᠶᠢᠨ ᠲᠠᠭᠯᠠᠨ ᠮᠡᠳᠡᠭᠦᠯᠬᠦ ᠭᠤᠤᠯᠳᠠᠯᠭ᠎ᠠ ᠳᠤ ᠰᠢᠰᠲ᠋ᠧᠮ ᠲᠠᠢ᠂ ᠨᠠᠷᠢᠨ ᠨᠢᠮᠪᠠᠶ ᠲᠠᠶᠢᠯᠤᠮᠵᠢ ᠬᠢᠪᠠ᠃ ᠭᠠᠳᠠᠭᠰᠢᠯᠠᠭᠤᠯᠬᠤ ᠥᠳᠬᠡᠴᠡ ᠶᠢᠨ ᠲᠣᠭᠠᠴᠠᠭ᠎ᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠲᠡᠮᠳᠡᠭᠯᠡᠯ ᠤᠨ ᠵᠢᠷᠤᠮᠵᠢᠯ᠂ ᠭᠡᠷᠡᠴᠢ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠵᠡᠷᠭᠡ ᠠᠵᠤ ᠠᠬᠤᠶᠢᠯᠠᠯ ᠤᠨ ᠲᠠᠭᠯᠠᠨ ᠮᠡᠳᠡᠭᠦᠯᠬᠦ ᠶᠠᠪᠤᠴᠠ ᠳᠠᠬᠢ ᠥᠨᠳᠥᠷ ᠳᠠᠪᠲᠠᠮᠵᠢᠲᠤ ᠠᠰᠠᠭᠤᠳᠠᠯ ᠳᠤ ᠴᠢᠭᠯᠡᠭᠦᠯᠦᠨ᠂ ᠭᠤᠤᠯᠳᠠᠯᠭ᠎ᠠ ᠲᠠᠢ ᠲᠣᠳᠣᠷᠬᠠᠶᠢᠯᠠᠯᠲᠠ ᠬᠢᠪᠠ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠪᠠᠷ ᠳᠠᠮᠵᠢᠭᠤᠯᠤᠨ᠂ ᠪᠥᠬᠦ ᠤᠯᠤᠰ ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠠᠵᠢᠯᠯᠠᠭᠠᠨ ᠤ ᠴᠤᠪᠤᠷᠠᠯ ᠢ ᠰᠢᠭᠤᠳ ᠳᠡᠯᠭᠡᠨ ᠦᠵᠡᠭᠦᠯᠵᠦ᠂ ᠠᠵᠤ ᠠᠬᠤᠶᠢᠯᠠᠯ ᠢ ᠬᠠᠪᠰᠤᠷᠤᠨ ᠲᠠᠭᠯᠠᠨ ᠮᠡᠳᠡᠭᠦᠯᠬᠦ ᠠᠷᠭ᠎ᠠ ᠶᠢ ᠲᠦᠷᠭᠡᠨ ᠡᠵᠡᠮᠰᠢᠭᠦᠯᠦᠨ᠎ᠡ᠃
11.jpg
    ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠢ ᠳᠥᠭᠦᠮᠴᠢᠯᠡᠵᠦ ᠬᠠᠮᠢᠶᠠᠷᠬᠤ ᠠᠵᠤ ᠠᠬᠤᠶᠢᠯᠠᠯ ᠤᠨ ᠲᠠᠭᠯᠠᠨ ᠮᠡᠳᠡᠭᠦᠯᠬᠦ ᠴᠢᠳᠠᠪᠤᠷᠢ ᠬᠠᠷᠢᠴᠠᠩᠭᠤᠶ ᠪᠠᠭᠤᠷᠠᠶ ᠪᠠᠶᠢᠬᠤ ᠪᠠᠶᠢᠳᠠᠯ ᠢ ᠪᠣᠳᠣᠯᠬᠢᠯᠠᠨ᠂ ᠬᠤᠪᠢᠶᠠᠷᠢ ᠲᠣᠪᠴᠢᠶ᠎ᠠ ᠠᠴᠠ ᠲᠤᠰᠬᠠᠶᠢᠯᠠᠨ ᠬᠠᠪᠰᠤᠷᠤᠨ ᠲᠡᠳᠬᠦᠬᠦ ᠳᠤᠭᠤᠶᠢᠯᠠᠩ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ《 ᠨᠢᠭᠡ ᠳᠤ ᠨᠢᠭᠡ  ᠲᠠᠢ 》 ᠭᠡᠷ ᠲᠤᠨᠢ ᠬᠦᠷᠴᠦ ᠵᠢᠭᠠᠨ ᠵᠢᠯᠣᠭᠤᠳᠬᠤ ᠦᠢᠯᠡᠴᠢᠯᠡᠭᠡ ᠬᠠᠩᠭᠠᠪᠠ᠃ ᠬᠠᠪᠰᠤᠷᠤᠨ ᠲᠡᠳᠬᠦᠬᠦ ᠳᠤᠭᠤᠶᠢᠯᠠᠩ ᠨᠢ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠢ ᠬᠠᠮᠵᠢᠨ ᠥᠪᠡᠰᠦᠪᠡᠨ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠡᠬᠡ ᠲᠠᠩᠰᠠ ᠶᠢ ᠲᠡᠭᠦᠯᠳᠡᠷᠵᠢᠭᠦᠯᠵᠦ᠂ ᠠᠶᠤᠯᠲᠠᠶ ᠬᠠᠶᠠᠭᠳᠠᠮᠠᠯ ᠪᠣᠳᠠᠰ ᠢ ᠰᠢᠯᠵᠢᠭᠦᠯᠬᠦ ᠬᠤᠯᠪᠣᠭᠠᠰᠤ ᠬᠠᠭᠤᠳᠠᠰᠤ ᠵᠡᠷᠭᠡ ᠮᠠᠲ᠋ᠧᠷᠢᠶᠠᠯ ᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠲᠤᠭ᠎ᠠ ᠪᠠᠷᠢᠮᠲᠠ ᠶᠢᠨ ᠯᠣᠭᠢᠭ ᠤᠨ ᠠᠯᠳᠠᠭ᠎ᠠ ᠪᠤᠷᠤᠭᠤ᠂ ᠮᠠᠲ᠋ᠧᠷᠢᠶᠠᠯ ᠳᠤᠲᠠᠭᠳᠠᠭᠰᠠᠨ ᠵᠡᠷᠭᠡ ᠨᠡᠶᠢᠲᠡᠯᠢᠭ ᠴᠢᠨᠠᠷᠲᠠᠶ ᠠᠰᠠᠭᠤᠳᠠᠯ ᠢ ᠤᠷᠢᠳᠴᠢᠯᠠᠨ ᠵᠢᠭᠰᠠᠭᠠᠨ ᠪᠠᠶᠢᠴᠠᠭᠠᠬᠤ ᠶᠢᠨ ᠬᠠᠮᠲᠤ ᠰᠢᠢᠳᠪᠦᠷᠢᠯᠡᠨ᠎ᠡ᠃ ᠡᠭᠦᠨ ᠠᠴᠠ ᠭᠠᠳᠠᠨ᠎ᠠ᠂ ᠬᠤᠪᠢᠶᠠᠷᠢ ᠲᠣᠪᠴᠢᠶ᠎ᠠ ᠶᠢᠨ ᠠᠵᠢᠯᠲᠠᠨ ᠪᠠᠰᠠ ᠰᠠᠨᠠᠭᠠᠴᠢᠯᠠᠭ᠎ᠠ ᠠᠴᠠ ᠪᠠᠨ ᠳ᠋ᠢᠶᠠᠩᠬᠤᠸᠠ᠂ ᠸᠢᠴᠠᠲ ᠵᠡᠷᠭᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠨᠡᠪᠲᠡᠷᠡᠯᠴᠡᠬᠦ ᠬᠥᠭᠦᠷᠭᠡ ᠪᠠᠶᠢᠭᠤᠯᠤᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠴᠤᠤᠷᠢᠶᠠᠲᠤᠨ ᠳᠠᠭᠠᠵᠤ ᠳᠡᠶᠢᠯᠬᠦ ᠶᠢ ᠪᠠᠲᠤᠯᠠᠵᠤ᠂ ᠠᠵᠤ ᠠᠬᠤᠶᠢᠯᠠᠯ ᠤᠨ 4 ᠰᠠᠷ᠎ᠠ ᠶᠢᠨ 15  ᠤ ᠡᠳᠦᠷ ᠠᠴᠠ ᠡᠮᠦᠨ᠎ᠡ ᠨᠢᠭᠡᠳᠦᠭᠡᠷ ᠤᠯᠠᠷᠢᠯ ᠤᠨ ᠬᠢᠨᠠᠨ ᠬᠠᠷᠭᠤᠭᠤᠯᠬᠤ ᠠᠵᠢᠯ ᠢ ᠤᠷᠤᠭᠰᠢᠲᠠᠶ ᠪᠡᠶᠡᠯᠡᠭᠦᠯᠬᠦ ᠳᠤ ᠬᠦᠴᠦ ᠨᠡᠮᠡᠷᠢᠯᠡᠪᠡ᠃    ᠣᠳᠣᠬᠠᠨ ᠳᠤ᠂ ᠬᠠᠷᠢᠶ᠎ᠠ ᠣᠷᠣᠨ ᠤ ᠳᠣᠲᠣᠷᠠᠬᠢ 70% ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠲᠤᠭ᠎ᠠ ᠪᠠᠷᠢᠮᠲᠠ ᠶᠢ ᠤᠷᠢᠳᠴᠢᠯᠠᠨ ᠲᠠᠭᠯᠠᠵᠤ᠂ ᠠᠵᠢᠯ ᠤᠨ ᠦᠷ᠎ᠡ ᠪᠦᠲᠦᠮᠵᠢ ᠢᠯᠡᠳᠲᠡ ᠲᠠᠢ᠃ ᠲᠠᠷᠠᠭᠠᠴᠢ ᠶᠢᠨ ᠠᠵᠢᠯ ᠳᠤ᠂ ᠬᠤᠪᠢᠶᠠᠷᠢ ᠲᠣᠪᠴᠢᠶ᠎ᠠ ᠤᠷᠢᠳᠴᠢᠯᠠᠨ ᠦᠢᠯᠡᠴᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠢ ᠲᠠᠭᠯᠠᠨ ᠮᠡᠳᠡᠭᠦᠯᠬᠦ ᠦᠷ᠎ᠡ ᠪᠦᠲᠦᠮᠵᠢ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠳᠤ ᠬᠦᠴᠦ ᠨᠡᠮᠡᠷᠢᠯᠡᠨ᠎ᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠤᠭᠤᠴᠠᠭ᠎ᠠ ᠬᠡᠲᠦᠷᠡᠭᠦᠯᠦᠨ ᠲᠤᠰᠢᠶᠠᠬᠤ ᠪᠠ ᠬᠤᠳᠠᠯ ᠬᠠᠭᠤᠷᠮᠠᠭ ᠢᠶᠠᠷ ᠲᠠᠭᠯᠠᠨ ᠮᠡᠳᠡᠭᠦᠯᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠤᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠬᠠᠮᠠᠭᠠᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号