ᠤᠷᠢᠬᠠᠨ ᠰᠠᠯᠬᠢ ᠡᠬᠡ ᠭᠠᠵᠠᠷ ᠢ ᠢᠯᠪᠢᠵᠦ᠂ ᠡᠮᠡᠭᠲᠡᠶᠢᠴᠦᠳ ᠰᠢᠨ᠎ᠡ ᠳᠦᠷᠢ ᠪᠠᠨ ᠭᠠᠶᠢᠬᠠᠭᠤᠯᠤᠨ᠎ᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ | ᠬᠡᠦᠬᠡᠳ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠵᠢᠤ ᠶᠤᠸᠠᠨ ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ《 ᠨᠠᠮ ᠢᠶᠠᠨ | ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠤᠶ᠎ᠠ 》ᠡᠮᠡᠭᠲᠡᠶᠢᠴᠦᠳ ᠤᠨ ᠶᠡᠭᠡ ᠤᠬᠠᠭᠤᠯᠤᠨ ᠲᠠᠶᠢᠯᠪᠤᠷᠢᠯᠠᠬᠤ ᠦᠨᠳᠦᠰᠦᠨ ᠱᠠᠲᠤᠨ ᠳᠤ | ᠭᠦᠨᠵᠡᠭᠡᠶᠢᠷᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠦᠵᠡᠯ ᠰᠠᠨᠠᠭᠠᠨ ᠤ ᠵᠢᠯᠤᠭᠤᠳᠤᠯᠭ᠎ᠠ ᠪᠠᠷ | ᠡᠮᠡᠭᠲᠡᠶᠢᠴᠦᠳ ᠤᠨ ᠬᠦᠴᠦᠲᠦ ᠬᠦᠴᠦᠨ ᠢ ᠨᠢᠭᠲᠠᠷᠠᠭᠤᠯᠵᠤ᠂ ᠭᠡᠷ ᠤᠨ ᠰᠤᠷᠲᠠᠯ ᠤᠨ ᠪᠠᠶᠢᠭᠤᠯᠤᠯᠲᠠ ᠪᠠᠷ ᠴᠠᠭ | ᠦᠶ᠎ᠡ ᠶᠢᠨ ᠰᠢᠨ᠎ᠡ ᠰᠤᠷᠲᠠᠯ ᠢ ᠪᠤᠢ ᠪᠣᠯᠭᠠᠪᠠ᠃ | ᠭᠤᠷᠪᠠᠨ ᠱᠠᠲᠤ ᠪᠠᠷ ᠬᠤᠯᠪᠣᠭᠠᠯᠠᠨ ᠬᠦᠲᠡᠯᠦᠯᠴᠡᠵᠦ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠢ ᠨᠢᠭᠲᠠᠯᠠᠨ | ᠨᠡᠬᠡᠬᠦ | ᠠᠵᠢᠯᠯᠠᠭ᠎ᠠ ᠳᠤ《 ᠲᠤᠭᠤᠷᠢᠭ ᠤᠨ ᠲᠡᠰ ᠤᠨ ᠨᠢᠭᠡᠳᠦᠯᠲᠡᠢ ᠲᠥᠯᠥᠪᠵᠢᠭᠦᠯᠪᠡ + ᠦᠨᠳᠦᠰᠦᠨ ᠱᠠᠲᠤᠨ ᠤ | ᠬᠤᠯᠪᠣᠭᠠᠯᠠᠨ ᠬᠥᠳᠡᠯᠦᠯᠴᠡᠬᠦ 》ᠵᠠᠭᠪᠤᠷ ᠢ ᠬᠡᠷᠡᠭᠯᠡᠵᠦ᠂ ᠣᠯᠠᠨ ᠲᠠᠯ᠎ᠠ ᠠᠴᠠ ᠤᠬᠠᠭᠤᠯᠤᠨ ᠲᠠᠶᠢᠯᠪᠤᠷᠢᠯᠠᠬᠤ | ᠰᠢᠰᠲ᠋ᠧᠮ ᠢ ᠪᠠᠶᠢᠭᠤᠯᠤᠨ᠎ᠠ᠃ ᠲᠤᠭᠤᠷᠢᠭ ᠤᠨ ᠲᠡᠰ ᠤᠨ ᠡᠮᠡᠭᠲᠡᠶᠢᠴᠦᠳ ᠤᠨ ᠬᠤᠯᠪᠣᠭ᠎ᠠ ᠭᠤᠷᠪᠠᠨ ᠨᠠᠢᠮᠠ ᠶᠢᠨ | ᠤᠯᠠᠭᠠᠨ ᠲᠤᠭᠴᠢ᠂ ᠬᠠᠮᠤᠭ ᠤᠨ ᠭᠤᠶᠤ ᠭᠡᠷ ᠪᠦᠯᠢ ᠶᠢᠨ ᠲᠥᠯᠥᠭᠡᠯᠡᠭᠴᠢ᠂ ᠨᠠᠮ ᠤᠨ ᠰᠤᠷᠭᠠᠭᠤᠯᠢ ᠶᠢᠨ ᠪᠠᠭᠰᠢ᠂ | ᠬᠠᠤᠯᠢᠴᠢ ᠵᠡᠷᠭᠡ ᠪᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂《 | ᠠᠷᠪᠠ ᠵᠠᠭᠤ ᠮᠢᠩᠭ᠎ᠠ ᠲᠦᠮᠡ ᠡᠮᠡᠭᠲᠡᠶᠢᠴᠦᠳ ᠤᠨ ᠶᠡᠭᠡ ᠤᠬᠠᠭᠤᠯᠤᠨ ᠲᠠᠶᠢᠯᠪᠤᠷᠢᠯᠠᠬᠤ 》ᠠᠵᠢᠯᠯᠠᠭ᠎ᠠ ᠪᠠᠷ | ᠲᠠᠪᠴᠠᠩ ᠪᠣᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠵᠠᠭᠤᠨ ᠲᠠᠯᠠᠪᠠᠢ ᠵᠢᠱᠢᠶ᠎ᠡ ᠦᠵᠡᠭᠦᠯᠬᠦ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠪᠣᠯᠤᠨ᠎ᠠ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ | ᠡᠮᠡᠭᠲᠡᠶᠢᠴᠦᠳ ᠤᠨ ᠬᠤᠯᠪᠣᠭ᠎ᠠ ᠪᠣᠯᠤᠨ ᠭᠠᠴᠠᠭ᠎ᠠ ᠲᠣᠰᠬᠤᠨ ᠭᠡᠷ ᠬᠤᠷᠢᠶᠠᠯᠠᠯ《ᠤᠮᠠᠷᠠᠲᠤ ᠬᠢᠯᠢ ᠶᠢᠨ | ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠶᠡᠭᠡ ᠶᠠᠷᠢᠶᠠᠨ ᠤ ᠲᠠᠩᠬᠢᠮ 》ᠵᠡᠷᠭᠡ ᠨᠠᠷᠠᠲᠤ | ᠲᠡᠮᠳᠡᠭ ᠲᠠᠢ ᠤᠶᠠᠯᠳᠤᠭᠤᠯᠤᠨ᠂ ᠮᠢᠩᠭᠠᠨ ᠲᠠᠯᠠᠪᠠᠶ ᠥᠪᠡᠷᠮᠢᠴᠡ ᠣᠨᠴᠠᠯᠢᠭ ᠲᠠᠢ ᠤᠬᠠᠭᠤᠯᠤᠨ ᠲᠠᠶᠢᠯᠪᠤᠷᠢᠯᠠᠬᠤ ᠶᠢ | ᠵᠣᠬᠢᠶᠠᠨ ᠪᠠᠶᠢᠭᠤᠯᠵᠤ᠂《 ᠲᠤᠰᠬᠠᠶ ᠮᠡᠷᠭᠡᠵᠢᠯᠲᠡᠨ ᠣᠨᠣᠯ ᠶᠠᠷᠢᠬᠤ᠂ ᠨᠡᠶᠢᠲᠡᠯᠢᠭ ᠵᠢᠱᠢᠶ᠎ᠡ ᠦᠢᠯᠡ ᠶᠠᠪᠤᠳᠠᠯ ᠢ | ᠶᠠᠷᠢᠬᠤ᠂ ᠣᠯᠠᠨ ᠲᠦᠮᠡᠨ ᠲᠥᠷᠥᠭᠳᠡᠯ ᠢ ᠶᠠᠷᠢᠬᠤ 》ᠪᠣᠰᠤᠭ᠎ᠠ ᠴᠣᠭᠴᠠᠲᠤ ᠤᠬᠠᠭᠤᠯᠤᠨ ᠲᠠᠶᠢᠯᠪᠤᠷᠢᠯᠠᠬᠤ | ᠪᠠᠶᠢᠷᠢᠰᠢᠯ ᠢ ᠪᠣᠶ ᠪᠣᠯᠭᠠᠨ᠎ᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠤᠨ ᠰᠢᠨ᠎ᠡ ᠶᠢ ᠡᠭᠦᠳᠦᠨ ᠤᠯᠠᠮᠵᠢᠯᠠᠨ | ᠤᠬᠠᠭᠤᠯᠬᠤ | 《 ᠡᠭᠦᠯᠡᠨ ᠦᠵᠦᠭᠦᠷ + ᠪᠣᠳᠠᠲᠤ ᠭᠠᠵᠠᠷ 》ᠬᠤᠣᠰ ᠤᠬᠠᠭᠤᠯᠤᠨ ᠲᠠᠶᠢᠯᠪᠤᠷᠢᠯᠠᠬᠤ ᠵᠠᠭᠪᠤᠷ ᠢ ᠰᠢᠨ᠎ᠡ ᠪᠠᠷ | ᠡᠭᠦᠳᠪᠡ᠃ ᠰᠦᠯᠵᠢᠶᠡᠨ ᠳᠡᠭᠡᠷ᠎ᠡ ᠵᠢᠦ ᠶᠤᠸᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠸᠢᠴᠠᠲ ᠤᠨ ᠨᠡᠶᠢᠲᠡ ᠶᠢᠨ | ᠳ᠋ᠤᠭᠠᠷ ᠲᠤ ᠲᠦᠰᠢᠭᠯᠡᠨ《 ᠡᠮᠡᠭᠲᠡᠶᠢᠴᠦᠳ ᠤᠨ ᠴᠤᠭ ᠵᠢᠪᠬᠤᠭ᠎ᠠ · ᠲᠡᠭᠦᠨ ᠤ ᠬᠦᠴᠦᠨ ᠴᠢᠳᠠᠯ 》ᠭᠡᠬᠦ | ᠲᠤᠰᠬᠠᠢ ᠪᠤᠯᠤᠩ ᠨᠡᠭᠡᠭᠡᠵᠦ᠂《 ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢᠨ | ᠲᠡᠮᠳᠡᠭᠯᠡᠯ》ᠭᠡᠬᠦ ᠰᠢᠷᠢᠰ ᠮᠡᠳᠡᠭᠡᠯᠡᠯ ᠢ ᠨᠡᠪᠲᠡᠷᠡᠭᠦᠯᠪᠡ︔ ᠭᠠᠷᠠᠭ ᠪᠦᠷᠢ《 ᠪᠤᠭᠤᠲᠤ ᠶᠢᠨ E ᠡᠭᠡᠰᠢᠭ 》 ᠢ | ᠰᠢᠨᠡᠳᠬᠡᠵᠦ᠂ ᠪᠤᠭᠤᠲᠤ ᠶᠢᠨ ᠰᠣᠶᠣᠯ ᠢᠷᠭᠡᠨᠰᠢᠯ ᠤᠨ ᠭᠠᠵᠠᠷ ᠣᠷᠣᠨ ᠤ ᠴᠤᠭ ᠵᠢᠪᠬᠤᠭ᠎ᠠ ᠶᠢ ᠭᠠᠶᠢᠬᠠᠭᠤᠯᠤᠨ᠎ᠠ᠃ | ᠰᠦᠯᠵᠢᠶᠡᠨ ᠭᠠᠳᠠᠨ᠎ᠠ《 ᠪᠢᠴᠢᠯ ᠬᠢᠴᠢᠶᠡᠯ ᠤᠨ ᠲᠠᠩᠬᠢᠮ 》᠂《 ᠡᠴᠢᠭᠡ ᠡᠬᠡ ᠶᠢᠨ ᠬᠢᠴᠢᠶᠡᠯ ᠤᠨ | ᠲᠠᠩᠬᠢᠮ》ᠵᠡᠷᠭᠡ ᠤᠨᠴᠠᠯᠢᠭ ᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠠᠷᠢᠶᠠᠨ ᠭᠠᠵᠠᠷ᠂ ᠠᠵᠤ | ᠠᠬᠤᠶᠢᠯᠠᠯ ᠤᠨ ᠦᠢᠯᠡᠳᠪᠤᠷᠢ ᠶᠢᠨ ᠲᠠᠰᠤᠭ᠂ ᠭᠡᠷ ᠬᠤᠷᠢᠶᠠᠯᠠᠯ ᠤᠨ ᠠᠭᠤᠳᠠᠮ ᠲᠠᠯᠠᠪᠠᠶ ᠳᠤ《 ᠨᠡᠭᠦᠳᠡᠯ | ᠤᠬᠠᠭᠤᠯᠭ᠎ᠠ 》ᠬᠢᠵᠦ᠂ ᠨᠠᠮ ᠤᠨ ᠲᠠᠭᠤᠨ ᠢ ᠡᠮᠡᠭᠲᠡᠶᠢᠴᠦᠳ ᠤᠨ ᠰᠡᠳᠬᠢᠯ ᠳᠤ ᠰᠢᠭᠤᠳ ᠬᠦᠷᠭᠡᠵᠡᠶ᠃ | ᠭᠤᠷᠪᠠᠨ ᠶᠡᠭᠡ ᠠᠩᠬᠠᠷᠤᠯ ᠢᠶᠠᠨ ᠲᠦᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ | 《 ᠭᠤᠷᠪᠠᠨ ᠶᠡᠭᠡ ᠠᠩᠬᠠᠷᠤᠯ ᠢᠶᠠᠨ ᠲᠦᠪᠯᠡᠷᠡᠭᠦᠯᠬᠦ 》 ᠲᠠᠢ ᠨᠢᠭᠲᠠ ᠤᠶᠠᠯᠳᠤᠭᠤᠯᠤᠨ ᠤᠬᠠᠭᠤᠯᠤᠨ | ᠲᠠᠶᠢᠯᠪᠤᠷᠢᠯᠠᠬᠤ ᠠᠭᠤᠯᠤᠭᠳᠠᠬᠤᠨ ᠢ ᠭᠦᠨᠵᠡᠭᠡᠶᠢᠷᠡᠭᠦᠯᠦᠨ᠎ᠡ : ᠴᠠᠭ ᠦᠶ᠎ᠡ ᠶᠢᠨ ᠭᠤᠤᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠴᠢᠨᠠᠷ ᠰᠠᠶᠢᠲᠠᠶ ᠬᠥᠭᠵᠢᠯᠲᠡ ᠵᠡᠷᠭᠡ | ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠦᠨ᠎ᠡ︔ | ᠡᠮᠡᠭᠲᠡᠶᠢᠴᠦᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠵᠤ ᠦᠢᠯᠡᠰ ᠪᠤᠰᠬᠠᠬᠤ᠂ ᠬᠡᠷ | ᠪᠦᠯᠢ ᠶᠢᠨ ᠬᠥᠮᠦᠵᠢᠯ ᠵᠡᠷᠭᠡ ᠬᠠᠯᠠᠮᠰᠢᠯ ᠠᠰᠠᠭᠤᠳᠠᠯ ᠳᠤ ᠴᠢᠭᠯᠡᠭᠦᠯᠦᠨ《 ᠲᠡᠭᠦᠨ ᠤ ᠬᠢᠴᠢᠶᠡᠯ ᠤᠨ | ᠲᠠᠩᠬᠢᠮ》ᠭᠠᠷᠭᠠᠪᠠ︔ ᠲᠡᠷᠢᠭᠦᠨ ᠤ ᠨᠡᠶᠢᠲᠡᠯᠢᠭ ᠵᠢᠱᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂《 ᠬᠠᠮᠤᠭ ᠤᠨ | ᠭᠤᠶᠣ ᠡᠮᠡᠭᠲᠡᠶᠢᠴᠦᠳ ᠤᠨ ᠲᠡᠮᠡᠴᠡᠭᠴᠢ》 ᠶᠢᠨ ᠦᠢᠯᠡ ᠠᠵᠢᠯᠯᠠᠭ᠎ᠠ ᠶᠢᠨ ᠲᠣᠭᠤᠷᠢᠨ ᠲᠠᠶᠢᠯᠤᠮᠵᠢ ᠶᠢ ᠥᠷᠨᠢᠭᠦᠯᠵᠦ᠂ | ᠳᠡᠷᠭᠡᠳᠡᠬᠢ ᠬᠥᠮᠦᠰ ᠤᠨ ᠢᠶᠠᠨ ᠳᠡᠷᠭᠡᠳᠡᠬᠢ ᠦᠢᠯᠡ ᠶᠠᠪᠤᠳᠠᠯ ᠢᠶᠠᠷ ᠲᠡᠮᠡᠴᠡᠯ ᠤᠨ ᠬᠠᠮᠲᠤ ᠶᠢᠨ ᠴᠤᠤᠷᠢᠶᠠᠲᠤᠯ ᠢ | ᠬᠥᠭᠵᠢᠭᠡᠶ᠎ᠡ᠃ 《 ᠬᠡᠷ ᠤᠨ ᠰᠤᠷᠲᠠᠯ ᠢ ᠰᠠᠶᠢᠲᠤᠷ ᠬᠠᠳᠠᠭᠠᠯᠠᠵᠤ ᠤᠯᠤᠰ ᠬᠡᠷ ᠤᠨ ᠬᠦᠰᠡᠯ ᠢ ᠬᠠᠮᠲᠤ ᠪᠠᠷ | ᠲᠡᠷᠭᠡᠯᠰᠢᠭᠦᠯᠬᠦ 》 ᠦᠢᠯᠡᠳᠦᠯᠭᠡ ᠶᠢᠨ ᠠᠵᠢᠯᠯᠠᠭ᠎ᠠ ᠶᠢ ᠣᠨᠴᠠᠭᠠᠶᠢᠯᠠᠨ ᠤᠬᠠᠭᠠᠯᠠᠪᠠ᠃ ᠬᠡᠷ ᠤᠨ ᠰᠤᠷᠲᠠᠯ ᠤᠨ | ᠥᠯᠢᠭᠡᠷ ᠤᠨ ᠲᠠᠶᠢᠰᠠᠨ ᠤ ᠤᠷᠤᠯᠳᠤᠭᠠᠨ᠂ ᠠᠷᠢᠭᠤᠨ ᠴᠢᠬᠡᠴᠢ ᠬᠡᠷ ᠪᠦᠯᠢ ᠶᠢᠨ ᠶᠠᠷᠢᠯᠴᠠᠬᠤ ᠬᠤᠷᠠᠯ ᠵᠡᠷᠭᠡ | ᠠᠴᠢᠶᠠᠯᠠᠪᠤᠷᠢ ᠪᠠᠷ ᠳᠠᠮᠵᠢᠭᠤᠯᠤᠨ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠬᠡᠷ ᠪᠦᠯᠢ ᠳᠤ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠠᠩᠬᠠᠨ ᠤ ᠠᠵᠢᠯᠯᠠᠭ᠎ᠠ ᠡᠮᠡᠭᠲᠡᠶᠢᠴᠦᠳ ᠤᠨ ᠬᠠᠯᠠᠭᠤᠨ ᠰᠡᠳᠬᠢᠯᠭᠡ ᠶᠢ ᠭᠦᠭᠵᠢᠭᠡᠪᠡ | 3 ᠰᠠᠷ᠎ᠠ ᠶᠢᠨ 7 ᠤ ᠡᠳᠦᠷ《 3·8》 ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ | ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠹᠧᠩ ᠱᠧᠩ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠢᠨᠵᠧᠨᠧᠷ᠂ ᠪᠥᠬᠦ ᠤᠯᠤᠰ ᠤᠨ ᠨᠡᠬᠡᠮᠡᠯ ᠤᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠠᠴᠠ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠤᠨ ᠨᠡᠶᠢᠲᠡᠯᠡᠭᠳᠡᠭᠴᠢ ᠸᠠᠩ | ᠯᠢ ᠯᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠢᠯᠡ ᠶᠠᠪᠤᠳᠠᠯ ᠢ ᠶᠠᠷᠢᠵᠤ᠂ ᠥᠪᠥᠷ | ᠮᠣᠩᠭᠤᠯ ᠤᠨ ᠱᠧᠨ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠯᠢᠦ ᠷᠦᠢ ᠡᠮᠡᠭᠲᠡᠶᠢᠴᠦᠳ ᠤᠨ | ᠠᠳᠠᠯ ᠦᠢᠯᠡᠰ ᠴᠣᠭᠴᠠᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠡᠷᠭᠡ ᠦᠢᠯᠡ | ᠶᠠᠪᠤᠳᠠᠯ ᠨᠢ 300 ᠭᠠᠷᠤᠶ ᠡᠮᠡᠭᠲᠡᠶᠢᠴᠦᠳ ᠢ ᠲᠠᠳᠠᠪᠦᠷᠢᠯᠡᠨ ᠤᠷᠤᠯᠴᠠᠭᠤᠯᠵᠤ᠂ ᠥᠷᠭᠡᠨ ᠣᠯᠠᠨ | ᠡᠮᠡᠭᠲᠡᠶᠢᠴᠦᠳ ᠤᠨ ᠭᠠᠪᠢᠶ᠎ᠠ ᠪᠠᠶᠢᠭᠤᠯᠬᠤ ᠰᠡᠳᠬᠢᠯᠭᠡ ᠶᠢ ᠬᠦᠭᠵᠢᠭᠡᠪᠡ᠃ | ᠲᠤᠰ ᠠᠵᠢᠯᠯᠠᠭ᠎ᠠ 12 ᠰᠠᠷ᠎ᠠ ᠪᠣᠯᠲᠠᠯ᠎ᠠ ᠦᠷᠭᠦᠯᠵᠢᠯᠡᠨ᠎ᠡ᠂ ᠭᠤᠣᠯᠳᠠᠭᠤ ᠴᠡᠭ ᠤᠨ ᠬᠢᠴᠢᠶᠡᠯ ᠤᠨ | ᠬᠡᠯᠪᠡᠷᠢ ᠪᠠᠷ ᠲᠣᠰᠬᠤᠨ ( ᠭᠡᠷ ᠬᠤᠷᠢᠶᠠᠯᠠᠯ ) ᠡᠷᠦᠭᠡ ᠲᠠᠷᠢᠶᠠᠨ ᠭᠠᠵᠠᠷ ᠦᠢᠯᠡᠳᠪᠦᠷᠢ ᠳᠤ ᠬᠦᠷᠴᠦ ᠤᠬᠠᠭᠤᠯᠤᠨ | ᠲᠠᠶᠢᠯᠪᠤᠷᠢᠯᠠᠬᠤ ᠶᠢᠨ ᠬᠠᠮᠲᠤ ᠴᠠᠭ ᠲᠦᠷᠦ ᠪᠠ ᠦᠨᠳᠦᠰᠦᠨ ᠱᠠᠲᠤᠨ ᠤ ᠬᠡᠷᠡᠭᠴᠡᠭᠡ ᠶᠢ ᠦᠨᠳᠦᠰᠦᠯᠡᠨ | ᠬᠢᠴᠢᠶᠡᠯ ᠢᠶᠠᠨ ᠨᠡᠮᠡᠨ ᠰᠣᠯᠢᠵᠤ᠂《 ᠤᠨᠤᠯ + ᠤᠳᠬ᠎ᠠ ᠤᠷᠠᠯᠢᠭ 》᠂《ᠰᠦᠯᠵᠢᠶᠡᠨ ᠳᠡᠭᠡᠷᠡᠬᠢ + | ᠰᠦᠯᠵᠢᠶᠡᠨ ᠭᠠᠳᠠᠨᠠᠬᠢ》ᠤᠯᠠᠨ ᠡᠰᠢᠴᠢᠯᠡᠭᠰᠡᠨ ᠬᠡᠯᠪᠡᠷᠢ ᠪᠠᠷ ᠡᠮᠡᠭᠲᠡᠶᠢᠴᠦᠳ ᠤᠨ ᠰᠤᠷᠤᠯᠴᠠᠯᠭ᠎ᠠ ᠶᠢᠨ ᠥᠷᠨᠢᠯᠲᠡ | ᠭᠠᠷᠭᠠᠬᠤ ᠪᠣᠯᠤᠨ᠎ᠠ᠃ | | | | | | |