ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠵᠢᠴᠢ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠵᠦ᠂ ᠨᠠᠰᠤᠲᠠᠶᠢᠴᠤᠳ ᠲᠤ ᠤᠯᠤᠰ ᠠᠴᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠭᠦᠢᠴᠡᠳ ᠬᠦᠷᠲᠡᠭᠡᠬᠦ ᠶᠢᠨ ᠲᠦᠯᠦᠭᠡ᠃ ᠣᠶᠢᠷ᠎ᠠ ᠳᠤ᠂ ᠵᠢᠤ | ᠶᠤᠸᠠᠨ ᠲᠣᠭᠤᠷᠢᠭ ᠤᠨ ᠬᠤᠷᠢᠨᠭᠡᠷ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢ | ᠬᠤᠷᠢᠨᠭᠡᠷ ᠪᠠᠯᠭᠠᠰᠤᠨ ᠤ ᠯᠠᠨ ᠬᠦᠶ ᠲᠣᠰᠬᠤᠨ᠂ ᠰᠢᠨ ᠾᠧ ᠲᠣᠰᠬᠤᠨ ᠤ ᠰᠠᠭᠤᠭᠠᠯᠢ ᠠᠷᠠᠳ ᠤᠨ ᠵᠥᠪᠯᠡᠯ ᠳᠤ | ᠭᠦᠨᠵᠡᠭᠡᠶᠢᠷᠡᠵᠦ 65 ᠨᠠᠰᠤᠲᠠᠶ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠡᠷᠡᠭᠦᠯ ᠮᠡᠨᠳᠦ ᠶᠢᠨ | ᠪᠠᠶᠢᠴᠠᠭᠠᠯᠲᠠ ᠬᠢᠵᠦ ᠥᠭᠪᠡ᠃ | | | | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠡᠮᠴᠢ ᠰᠤᠪᠢᠯᠠᠭᠴᠢᠳ ᠡᠷᠲᠡᠬᠡᠨ ᠲᠤᠬᠠᠢ ᠶᠢᠨ ᠲᠠᠯᠠᠪᠠᠢ ᠳᠤ | ᠬᠦᠷᠴᠦ᠂ ᠡᠮᠬᠢ ᠲᠢᠭᠯᠢᠮ ᠲᠠᠢ ᠪᠠᠷ ᠪᠡᠯᠡᠳᠬᠡᠯ ᠠᠵᠢᠯ ᠢᠶᠠᠨ ᠬᠢᠵᠡᠢ᠃ ᠨᠠᠰᠤᠲᠠᠢ ᠡᠪᠦᠭᠡ ᠡᠵᠢ ᠨᠡᠷ ᠠᠵᠢᠯᠲᠠᠨ ᠤ | ᠵᠢᠯᠣᠭᠤᠳᠤᠯᠭ᠎ᠠ ᠳᠤᠤᠷ᠎ᠠ᠂ ᠡᠮᠬᠢ ᠵᠢᠷᠤᠮ ᠲᠠᠢ ᠪᠠᠷ ᠮᠦᠷᠯᠡᠨ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ ᠪᠠᠨ | ᠠᠪᠴᠤ᠂ ᠳᠠᠩᠰᠠᠯᠠᠯ ᠬᠢᠯᠭᠡᠪᠡ ᠁ ᠬᠡᠪᠡᠯᠢ ᠶᠢᠨ ᠬᠡᠰᠡᠭ ᠤᠨ ᠬᠡᠲᠦ ᠲᠠᠭᠤᠨ᠂ ᠵᠢᠷᠦᠬᠡᠨ ᠤ ᠯᠤᠭᠰᠢᠯᠲᠠ ᠶᠢᠨ | ᠵᠢᠷᠤᠭ᠂ ᠴᠢᠰᠤᠨ ᠤ ᠵᠤᠷᠰᠢᠯ᠂ ᠰᠢᠭᠡᠰᠦᠨ ᠤ ᠵᠤᠷᠰᠢᠯ᠂ ᠴᠢᠰᠤᠨ ᠳᠠᠷᠤᠯᠲᠠ ᠵᠡᠷᠭᠡ ᠲᠥᠷᠥᠯ ᠵᠦᠢᠯ ᠤᠨ | ᠪᠠᠶᠢᠴᠠᠭᠠᠯᠲᠠ ᠶᠢ ᠦᠨ᠎ᠡ ᠲᠥᠯᠥᠪᠦᠷᠢ ᠥᠬᠡᠶ ᠪᠠᠷ ᠭᠥᠯᠢᠶᠡᠨ ᠠᠪᠴᠤ᠂ ᠡᠮᠨᠡᠯᠭᠡ ᠶᠢᠨ ᠠᠵᠢᠯᠲᠠᠨ ᠪᠠᠰᠠ ᠲᠡᠳᠡᠨ ᠤ | ᠡᠳᠦᠷ ᠲᠤᠲᠤᠮ ᠤᠨ ᠠᠮᠢᠳᠤᠷᠠᠯ᠂ ᠥᠩᠭᠡᠷᠡᠭᠰᠡᠨ ᠤ ᠡᠪᠡᠳᠴᠢᠨ ᠤ ᠲᠡᠦᠬᠡ᠂ ᠡᠮ ᠬᠡᠷᠡᠭᠯᠡᠭᠰᠡᠨ ᠪᠠᠶᠢᠳᠠᠯ ᠵᠡᠷᠭᠡ ᠶᠢ | ᠨᠠᠷᠢᠨ ᠠᠰᠠᠭᠤᠵᠤ᠂ ᠨᠠᠰᠤᠲᠠᠨ ᠨᠢᠭᠡᠪᠦᠷᠢ ᠶᠢᠨ ᠪᠣᠳᠠᠲᠠᠶ ᠪᠠᠶᠢᠳᠠᠯ ᠢ ᠦᠨᠳᠦᠰᠦᠯᠡᠨ ᠲᠤᠰᠬᠠᠶ ᠮᠡᠷᠭᠡᠵᠢᠯ ᠤᠨ ᠡᠷᠡᠭᠦᠯ | ᠮᠡᠨᠳᠦ ᠶᠢᠨ ᠵᠢᠯᠣᠭᠤᠳᠣᠯᠭ᠎ᠠ ᠪᠠ ᠰᠠᠨᠠᠭᠤᠯᠭ᠎ᠠ ᠦᠭᠪᠡ᠃ ᠪᠡᠶ᠎ᠡ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ | ᠡᠮᠨᠡᠯᠭᠡ ᠶᠢᠨ ᠠᠵᠢᠯᠲᠠᠨ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠳᠤ ᠵᠠᠳᠠᠯᠤᠯᠲᠠ ᠬᠢᠵᠦ᠂ ᠣᠨᠣᠰᠢᠯᠠᠵᠤ᠂ | ᠰᠠᠨᠠᠭᠤᠯᠭ᠎ᠠ ᠭᠠᠷᠭᠠᠨ᠎ᠠ᠃ ᠰᠢᠭᠰᠢᠨ ᠪᠠᠶᠢᠴᠠᠭᠠᠵᠤ ᠭᠠᠷᠭᠠᠭᠰᠠᠨ ᠠᠪᠡᠳᠴᠢᠲᠡᠨ ᠢ ᠲᠥᠷᠥᠯ ᠬᠤᠪᠢᠶᠠᠨ ᠬᠠᠮᠢᠶᠠᠷᠴᠤ᠂ | 《 ᠨᠢᠭᠡ ᠬᠥᠮᠦᠨ ᠳᠤ ᠨᠢᠭᠡ ᠲᠠᠩᠰᠠ ᠡᠪᠬᠡᠮᠡᠯ 》᠂《 ᠨᠢᠭᠡ ᠡᠪᠡᠳᠴᠢᠨ ᠳᠤ ᠨᠢᠭᠡ ᠲᠠᠩᠰᠠ ᠡᠪᠬᠡᠮᠡᠯ 》 ᠤᠨ | ᠡᠷᠡᠭᠦᠯ ᠮᠡᠨᠳᠦ ᠶᠢᠨ ᠬᠠᠮᠢᠶᠠᠷᠤᠯᠲᠠ ᠪᠠ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠮᠠᠭᠲᠠᠭᠠᠯ ᠢ | ᠤᠯᠪᠠ᠃ | 4 ᠰᠠᠷ᠎ᠠ ᠶᠢᠨ 1 ᠤ ᠡᠳᠦᠷ ᠪᠣᠯᠲᠠᠯ᠎ᠠ᠂ ᠨᠡᠶᠢᠲᠡ 350 ᠭᠠᠷᠤᠶ ᠬᠥᠮᠦᠨ ᠤᠳᠠᠭ᠎ᠠ ᠪᠡᠶ᠎ᠡ ᠶᠢᠨ ᠪᠠᠶᠢᠴᠠᠭᠠᠯᠲᠠ | ᠬᠢᠵᠦ᠂ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠠᠰᠤᠲᠠᠶᠢᠴᠤᠳ ᠢ ᠬᠠᠪᠰᠤᠷᠤᠨ ᠡᠷᠡᠭᠦᠯ | ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠪᠤᠢ ᠪᠣᠯᠭᠠᠭᠰᠠᠨ ᠢᠶᠠᠷ ᠪᠠᠷᠠᠬᠤ ᠥᠬᠡᠶ ᠪᠠᠰᠠ ᠤᠳᠠᠭᠠᠨ ᠴᠢᠨᠠᠷᠲᠠᠶ | ᠡᠪᠡᠳᠴᠢᠨ ᠡᠭᠦᠰᠬᠦ ᠪᠠ ᠬᠥᠭᠵᠢᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠨᠠᠰᠤᠲᠠᠶᠢᠴᠤᠳ ᠤᠨ | ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠲᠠᠷᠠᠭᠠᠴᠢ ᠶᠢᠨ ᠪᠠᠷ᠂ ᠵᠢᠤ ᠶᠤᠸᠠᠨ ᠲᠣᠭᠤᠷᠢᠭ ᠤᠨ ᠬᠤᠷᠢᠨᠭᠡᠷ | ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ | ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠤ ᠠᠰᠢᠭ ᠬᠦᠷᠲᠡᠭᠡᠬᠦ ᠠᠷᠭ᠎ᠠ | ᠬᠡᠮᠵᠢᠶ᠎ᠡ ᠶᠢ《 ᠱᠠᠲᠤᠴᠢ ᠴᠢᠨᠠᠷᠲᠠᠶ 》ᠪᠠᠶᠢᠭᠰᠠᠨ ᠠᠴᠠ《 ᠪᠠᠶᠢᠩᠭᠤᠵᠢᠭᠤᠯᠬᠤ 》ᠲᠡᠶᠢᠰᠢ ᠬᠥᠭᠵᠢᠭᠦᠯᠵᠦ᠂ | ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠮᠠᠭᠠᠯᠠᠬᠤ ᠲᠤᠤᠷ ᠢ ᠦᠨᠡᠨ ᠬᠦ ᠨᠢᠭᠲᠠ ᠨᠡᠬᠡᠨ᠎ᠡ᠃ | | | | | |