ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠬᠦ ᠶᠢᠨ | ᠲᠥᠯᠥᠭᠡ᠂ 4 ᠰᠠᠷ᠎ᠠ ᠶᠢᠨ 1 ᠤ ᠡᠳᠦᠷ᠂ ᠳᠠᠯᠠᠨ ᠪᠤᠯᠠᠭ ᠪᠠᠯᠭᠠᠰᠤᠨ ᠤ ᠳᠠᠷᠤᠭ᠎ᠠ ᠯᠢᠦ ᠵᠢᠶᠠᠨ ᠨᠡᠶᠢᠭᠡᠮ ᠤᠨ | ᠵᠠᠰᠠᠯᠲᠠ ᠶᠢᠨ ᠠᠯᠪᠠᠨ ᠬᠡᠷ ᠢ ᠳᠠᠭᠠᠭᠤᠯᠤᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ | ᠥᠷᠨᠢᠭᠦᠯᠪᠡ᠃ | | | | ᠪᠠᠶᠢᠴᠠᠭᠠᠬᠤ ᠳᠤᠭᠤᠶᠢᠯᠠᠩ ᠨᠢ ᠠᠶᠦᠯᠭᠦᠢ ᠦᠢᠯᠡᠳᠪᠦᠷᠢᠯᠡᠯ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠠᠵᠢᠯ ᠲᠥᠷᠥᠯ ᠤᠨ ᠪᠠᠷᠢᠮᠵᠢᠶ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠲᠠᠰᠤᠭ᠂ ᠰᠠᠩ ᠬᠥᠮᠥᠷᠭᠡ᠂ ᠠᠵᠢᠯᠯᠠᠬᠤ ᠣᠷᠣᠨ ᠪᠦᠰᠡ ᠵᠡᠷᠭᠡ ᠳᠤ ᠭᠦᠨᠵᠡᠭᠡᠶᠢᠷᠡᠨ ᠨᠠᠷᠢᠨ ᠪᠠᠶᠢᠴᠠᠭᠠᠯᠲᠠ ᠬᠢᠪᠡ᠃ | ᠭᠠᠯ ᠤᠨᠲᠠᠷᠠᠭᠠᠬᠤ ᠪᠡᠯᠡᠳᠬᠡᠮᠵᠢ ᠲᠣᠬᠢᠷᠠᠭᠤᠯᠬᠤ ᠪᠠ ᠬᠠᠮᠠᠭᠠᠯᠠᠬᠤ᠂ ᠴᠠᠬᠢᠯᠭᠠᠨ ᠲᠥᠬᠦᠭᠡᠷᠦᠮᠵᠢ ᠶᠢᠨ ᠠᠶᠦᠯᠭᠦᠢ | ᠠᠵᠢᠯᠯᠠᠬᠤ᠂ ᠤᠨᠴᠠᠭᠠᠢ ᠲᠥᠷᠥᠯ ᠤᠨ ᠲᠥᠬᠦᠭᠡᠷᠦᠮᠵᠢ ᠶᠢᠨ ᠠᠵᠢᠯᠯᠠᠭᠠᠨ ᠤ ᠵᠢᠷᠤᠮᠵᠢᠯ᠂ ᠠᠶᠦᠯᠭᠦᠢ ᠨᠡᠪᠲᠡᠷᠡᠬᠦ | ᠵᠠᠮ ᠢ ᠰᠠᠭᠠᠳ ᠦᠭᠡᠶ ᠨᠡᠪᠲᠡᠷᠡᠭᠦᠯᠦᠭᠰᠡᠨ ᠪᠠᠶᠢᠳᠠᠯ ᠵᠢᠴᠢ ᠠᠵᠢᠯᠲᠠᠨ ᠠᠵᠢᠯᠴᠢᠨ ᠤ ᠠᠶᠦᠯᠭᠦᠢ ᠶᠢᠨ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠨ | ᠦᠵᠡᠪᠡ᠃ | ᠪᠠᠶᠢᠴᠠᠭᠠᠬᠤ ᠶᠠᠪᠤᠴᠠ ᠳᠤ᠂ ᠣᠨᠴᠠ ᠵᠠᠷᠢᠮ ᠠᠵᠤ ᠠᠬᠤᠶᠢᠯᠠᠯ ᠳᠤ ᠠᠮᠤᠷ ᠲᠦᠪᠰᠢᠨ ᠤ ᠰᠡᠷᠡᠮᠵᠢ ᠶᠢᠨ | ᠲᠡᠮᠳᠡᠭ ᠳᠤᠲᠠᠭᠳᠠᠭᠰᠠᠨ᠂ ᠡᠳ᠋ ᠪᠠᠷᠠᠭ᠎ᠠ ᠣᠪᠣᠭᠠᠯᠠᠨ ᠲᠠᠯᠪᠢᠬᠤ ᠳᠤ ᠡᠮᠬᠢ ᠵᠠᠮᠪᠠᠷᠠᠭ᠎ᠠ ᠥᠬᠡᠶ ᠨᠡᠪᠲᠡᠷᠡᠬᠦ ᠵᠠᠮ | ᠪᠥᠭᠯᠡᠷᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠰᠠᠯᠠᠭ᠎ᠠ ᠲᠠᠰᠤᠭ ᠤᠨ ᠠᠵᠢᠯᠲᠠᠨ | ᠲᠡᠷᠡ ᠳᠠᠷᠤᠶ ᠳᠤᠨᠢ ᠠᠵᠤ ᠠᠬᠤᠶᠢᠯᠠᠯ ᠤᠨ ᠡᠵᠡᠨ ᠳᠤ ᠲᠤᠬᠠᠶ ᠶᠢᠨ ᠲᠠᠯᠠᠪᠠᠶ ᠳᠤ ᠮᠡᠳᠡᠭᠳᠡᠨ᠂ ᠠᠰᠠᠭᠤᠳᠠᠯ ᠢ ᠨᠠᠷᠢᠨ | ᠲᠡᠮᠳᠡᠭᠯᠡᠬᠦ ᠶᠢᠨ ᠬᠠᠮᠲᠤ ᠰᠡᠭᠦᠳᠡᠷ ᠲᠠᠲᠠᠵᠤ ᠦᠯᠡᠳᠡᠭᠡᠨ ᠬᠠᠳᠠᠭᠠᠯᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠪᠠ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠬᠤ | ᠠᠵᠢᠯ ᠳᠤ ᠳᠡᠭᠡᠳᠦ ᠬᠡᠮᠵᠢᠶ᠎ᠡ ᠪᠠᠷ ᠬᠠᠮᠵᠢᠯᠴᠠᠵᠤ᠂ ᠠᠰᠠᠭᠤᠳᠠᠯ ᠤᠨ ᠬᠠᠷᠢᠭᠤ ᠲᠤᠰᠬᠠᠯ ᠢ ᠨᠠᠷᠢᠨ ᠬᠢᠨᠠᠮᠠᠭᠠᠢ | ᠰᠣᠨᠣᠰᠬᠤ ᠶᠢᠨ ᠬᠠᠮᠲᠤ ᠠᠮᠤᠷ ᠲᠦᠪᠰᠢᠨ ᠤ ᠪᠠᠶᠢᠴᠠᠭᠠᠯᠲᠠ ᠶᠢᠨ ᠨᠠᠷᠢᠨ ᠬᠠᠭᠤᠳᠠᠰᠤᠨ ᠳᠡᠭᠡᠷ᠎ᠡ ᠭᠠᠷ ᠤᠨ ᠦᠰᠦᠭ | ᠵᠢᠷᠤᠵᠤ ᠨᠤᠲᠠᠯᠠᠵᠤ᠂ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠪᠡ᠃ | ᠲᠠᠷᠠᠭᠠᠴᠢ ᠪᠠᠷ᠂ ᠳᠠᠯᠠᠨ ᠪᠤᠯᠠᠭ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠠᠴᠠ ᠲᠣᠰ | ᠤᠳᠠᠭᠠᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠠᠵᠤ ᠠᠬᠤᠶᠢᠯᠠᠯ ᠢ ᠮᠥᠷᠳᠡᠨ ᠳᠠᠬᠢᠨ | ᠪᠠᠶᠢᠴᠠᠭᠠᠵᠤ᠂ ᠪᠣᠶ ᠪᠥᠬᠦᠶ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠢ ᠲᠠᠶᠢᠴᠢᠯᠠᠨ ᠠᠶᠤᠯᠭᠦᠢ | ᠦᠢᠯᠡᠳᠪᠦᠷᠢᠯᠡᠯ ᠤᠨ ᠪᠣᠯᠪᠠᠰᠤᠷᠠᠯ ᠪᠣᠯᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠤ | ᠠᠬᠤᠶᠢᠯᠠᠯ ᠤᠨ ᠡᠵᠡᠨ ᠪᠣᠯᠤᠨ ᠠᠵᠢᠯᠳᠠᠨ ᠤ ᠠᠶᠤᠯᠭᠦᠢ ᠶᠢᠨ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠰᠢᠶᠠᠩ ᠪᠠᠯᠭᠠᠰᠤᠨ ᠤ | ᠠᠵᠤ ᠠᠬᠤᠢ ᠶᠢᠨ ᠬᠥᠭᠵᠢᠯᠲᠡ ᠶᠢ ᠪᠠᠲᠤᠯᠠᠨ ᠬᠠᠮᠠᠭᠠᠯᠠᠨ᠎ᠠ ᠃ | | | | | | |