| | ᠪᠠᠯᠭᠠᠰᠤᠨ ᠤ ᠬᠡᠪᠴᠢᠶᠡᠨ ᠤ ᠲᠣᠰᠬᠤᠨ ᠤ ᠠᠷᠠᠳ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ | ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠰᠢᠶᠠᠩ ᠪᠠᠯᠭᠠᠰᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠮᠤᠷ ᠲᠦᠪᠰᠢᠨ ᠤ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠣᠶ ᠰᠢᠭᠤᠶ ᠶᠢᠨ ᠭᠠᠯ ᠰᠡᠷᠭᠡᠶᠢᠯᠡᠬᠦ | ᠮᠡᠳᠡᠯᠭᠡ ᠶᠢ ᠲᠦᠭᠡᠮᠡᠯᠵᠢᠭᠦᠯᠵᠦ᠂ ᠭᠠᠯ ᠤᠨ ᠭᠠᠮᠰᠢᠭ ᠤᠨ ᠬᠡᠮ ᠰᠣᠭᠤᠭ ᠢ ᠠᠷᠢᠯᠭᠠᠬᠤ ᠶᠢᠨ ᠲᠥᠯᠥᠭᠡ᠂ ᠬᠤᠷᠢᠨᠭᠡᠷ | ᠪᠠᠯᠭᠠᠰᠤ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ | ᠨᠢᠭᠡ᠂ ᠪᠣᠯᠪᠠᠰᠤᠷᠠᠯ ᠬᠢᠵᠦ ᠣᠶᠤᠨ ᠢ ᠰᠡᠩᠬᠡᠷᠡᠭᠦᠯᠦᠨ᠂ ᠦᠨᠳᠦᠰᠦ ᠰᠠᠭᠤᠷᠢ ᠶᠢ ᠪᠠᠬᠢᠵᠢᠭᠦᠯᠪᠡ᠃ ᠮᠠᠨ ᠤ | ᠪᠠᠯᠭᠠᠰᠤᠨ ᠤ ᠵᠠᠰᠠᠭ ᠤᠨ ᠣᠷᠳᠣᠨ ᠰᠢᠶᠠᠩ ᠪᠠᠯᠭᠠᠰᠤᠨ ᠤ ᠲᠣᠰᠬᠤᠨ ᠤ ᠠᠷᠠᠳ ᠤᠨ ᠭᠠᠯ ᠤᠨᠲᠠᠷᠠᠭᠠᠬᠤ ᠮᠡᠳᠡᠯᠭᠡ | ᠬᠠᠷᠢᠴᠠᠩᠭᠤᠢ ᠪᠠᠷ ᠪᠠᠭᠤᠷᠠᠢ ᠪᠠᠶᠢᠭ᠎ᠠ ᠪᠠᠶᠢᠳᠠᠯ ᠢ ᠪᠣᠳᠣᠯᠬᠢᠯᠠᠵᠤ᠂ ᠠᠯᠢ ᠤᠯᠠᠨ ᠭᠠᠯ ᠤᠨᠲᠠᠷᠠᠭᠠᠬᠤ ᠮᠡᠳᠡᠯᠭᠡ ᠶᠢᠨ | ᠪᠣᠯᠪᠠᠰᠤᠷᠠᠯ ᠤᠨ ᠲᠠᠶᠢᠯᠤᠮᠵᠢ ᠶᠢ ᠵᠣᠬᠢᠶᠠᠨ ᠪᠠᠶᠢᠭᠤᠯᠵᠠᠢ᠃ ᠲᠤᠰᠬᠠᠶ ᠭᠠᠯ ᠤᠨᠲᠠᠷᠠᠭᠠᠬᠤ ᠠᠵᠢᠯᠲᠠᠨ ᠢ ᠤᠷᠢᠵᠤ | ᠭᠠᠯ ᠤᠨᠲᠠᠷᠠᠭᠠᠬᠤ ᠬᠠᠤᠯᠢ ᠲᠣᠭᠲᠠᠭᠠᠯ ᠢ ᠭᠦᠨᠵᠡᠭᠡᠶ ᠵᠠᠳᠠᠯᠤᠨ ᠰᠢᠨᠵᠢᠯᠡᠭᠦᠯᠵᠦ᠂ ᠭᠠᠯ ᠤᠨ ᠠᠶᠤᠯ ᠢ ᠰᠡᠷᠭᠡᠶᠢᠯᠡᠬᠦ | ᠵᠠᠩᠭᠢᠯᠠᠭ᠎ᠠ ᠶᠢᠨ ᠵᠦᠢᠯ ᠵᠢᠴᠢ ᠠᠮᠢ ᠵᠢᠭᠤᠲᠠᠵᠤ ᠥᠪᠡᠷ ᠢ ᠪᠠᠨ ᠠᠪᠤᠷᠠᠬᠤ ᠬᠡᠷᠡᠭᠯᠡᠭᠡᠨ ᠤ ᠤᠷ᠎ᠠ ᠮᠡᠷᠭᠡᠵᠢᠯ ᠵᠡᠷᠭᠡ | ᠰᠠᠭᠤᠷᠢ ᠮᠡᠳᠡᠯᠭᠡ ᠶᠢ ᠨᠠᠷᠢᠨ ᠲᠠᠶᠢᠯᠪᠤᠷᠢᠯᠠᠭᠤᠯᠬᠤ ᠶᠢᠨ ᠬᠠᠮᠲᠤ ᠬᠥᠳᠡᠭᠡ ᠲᠣᠰᠬᠤᠨ ᠤ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠣᠳᠣᠬᠢ ᠪᠠᠶᠢᠳᠠᠯ ᠵᠢᠴᠢ ᠬᠠᠪᠤᠷ ᠤᠨ ᠭᠠᠯ ᠤᠨ ᠠᠶᠤᠯ ᠤᠨ ᠣᠨᠴᠠᠯᠢᠭ ᠲᠠᠢ | ᠤᠶᠠᠯᠳᠤᠭᠤᠯᠤᠨ᠂ ᠡᠷᠭᠢᠨ ᠲᠣᠭᠤᠷᠢᠨ ᠤ ᠬᠡᠷᠡᠭ ᠤᠨ ᠵᠠᠳᠠᠯᠤᠯᠲᠠ ᠪᠠᠷ ᠳᠠᠮᠵᠢᠭᠤᠯᠤᠨ᠂ ᠭᠠᠯ ᠤᠨ ᠠᠶᠤᠯ | ᠭᠠᠷᠤᠭᠰᠠᠨ ᠰᠢᠯᠲᠠᠭᠠᠨ᠂ ᠬᠤᠤᠷ ᠬᠥᠨᠥᠭᠡᠯ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠶ ᠪᠥᠭᠡᠳ | ᠣᠶᠢᠯᠠᠭᠠᠮᠵᠢᠲᠠᠶ ᠲᠠᠶᠢᠯᠪᠤᠷᠢᠯᠠᠪᠠ᠃ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠳᠤᠮᠳᠠ ᠮᠠᠰᠢ ᠠᠮᠠᠷᠬᠠᠨ | ᠣᠮᠲᠣᠭᠠᠶᠢᠯᠠᠭᠳᠠᠬᠤ ᠭᠠᠯ ᠤᠨ ᠭᠠᠮᠰᠢᠭ ᠤᠨ ᠳᠠᠯᠳᠠ ᠬᠡᠮ᠂ ᠵᠢᠱᠢᠶᠡᠯᠡᠪᠡᠯ ᠴᠠᠬᠢᠯᠭᠠᠨ ᠬᠥᠳᠡᠯᠭᠡᠭᠦᠷᠲᠦ ᠲᠡᠷᠭᠡ | ᠴᠠᠬᠢᠯᠭᠠᠨ ᠴᠡᠨᠡᠭᠯᠡᠬᠦ ᠪᠠ ᠬᠡᠷᠡᠭᠯᠡᠬᠦ ᠨᠢ ᠵᠦᠪ ᠪᠤᠰᠤ᠂ ᠡᠰᠢ ᠰᠦᠷᠡᠯ ᠢ ᠳᠤᠷ᠎ᠠ ᠪᠠᠷ ᠢᠶᠠᠨ ᠰᠢᠲᠠᠭᠠᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠰᠡᠷᠭᠡᠶᠢᠯᠡᠬᠦ ᠰᠠᠨᠠᠭᠤᠯᠭ᠎ᠠ ᠳᠤᠷᠠᠳᠴᠤ᠂ ᠲᠣᠰᠬᠤᠨ ᠤ ᠠᠷᠠᠳ ᠤᠨ ᠭᠠᠯ | ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠤᠶᠠᠷ᠂ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠤᠬᠠᠭᠤᠯᠭ᠎ᠠ ᠪᠠᠨ ᠴᠢᠩᠭᠠᠳᠬᠠᠨ᠎ᠠ᠃ | ᠲᠣᠰ ᠤᠳᠠᠭᠠᠨ ᠤ ᠤᠬᠠᠭᠤᠯᠭ᠎ᠠ ᠳᠤ ᠵᠠᠭᠤᠨ ᠺᠠᠳ᠋ᠷ ᠢ ᠲᠦᠮᠡᠨ ᠡᠷᠦᠬᠡ ᠳᠤ ᠣᠷᠣᠭᠤᠯᠬᠤ ᠪᠠᠷ ᠭᠠᠷᠳᠠᠴᠠ ᠪᠣᠯᠭᠠᠵᠤ᠂ | 《ᠡᠷᠦᠬᠡ ᠳᠤ ᠬᠦᠷᠴᠦ ᠤᠬᠠᠭᠤᠯᠬᠤ + ᠬᠥᠨᠳᠡᠯᠡᠨ ᠪᠢᠴᠢᠭᠡᠰᠦ ᠪᠠ ᠫᠠᠶᠢᠰᠠ ᠦᠢᠯᠡᠳᠬᠦ 》ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠪᠡ᠃ ᠮᠠᠨ ᠤ ᠪᠠᠯᠭᠠᠰᠤᠨ ᠤ ᠬᠠᠷᠢᠶ᠎ᠠ ᠣᠷᠣᠨ ᠳᠤ《 ᠭᠠᠯᠳᠠᠬᠤ ᠶᠢ | ᠴᠠᠭᠠᠵᠠᠯᠠᠵᠤ᠂ ᠭᠠᠯ ᠰᠡᠷᠭᠡᠶᠢᠯᠡᠬᠦ ᠶᠢ ᠠᠩᠬᠠᠷᠤᠶ᠎ᠠ 》ᠭᠡᠬᠦ ᠵᠡᠷᠭᠡ 10 ᠬᠥᠨᠳᠡᠯᠡᠨ ᠪᠢᠴᠢᠭᠡᠰᠦ ᠡᠯᠭᠦᠵᠦ᠂ ᠣᠶ | ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠮᠢᠶ᠎ᠠ ᠪᠥᠬᠦᠶ ᠢᠯᠡᠷᠬᠡᠶᠢᠯᠡᠯ ᠫᠠᠶᠢᠰᠠ ᠶᠢ 15 ᠭᠠᠷᠤᠶ ᠬᠡᠰᠡᠭ | ᠡᠯᠭᠦᠵᠡᠶ᠃ ᠡᠭᠦᠨ ᠤ ᠬᠠᠮᠲᠤ᠂ ᠮᠠᠨ ᠤ ᠪᠠᠯᠭᠠᠰᠤᠨ ᠤ ᠵᠠᠰᠠᠭ ᠤᠨ ᠣᠷᠳᠣᠨ ᠣᠯᠠᠨ ᠡᠰᠢᠴᠢᠯᠡᠭᠰᠡᠨ | ᠤᠬᠠᠭᠤᠯᠭ᠎ᠠ ᠶᠢᠨ ᠠᠷᠭ᠎ᠠ ᠪᠠᠷᠢᠯ ᠢᠶᠠᠷ ᠣᠶ ᠰᠢᠭᠤᠶ ᠶᠢᠨ ᠭᠠᠯ ᠢ ᠰᠡᠷᠭᠡᠶᠢᠯᠡᠬᠦ ᠮᠡᠳᠡᠯᠭᠡ ᠶᠢ ᠪᠦᠷᠢᠨ ᠪᠥᠷᠬᠦᠭᠦᠯᠬᠦ ᠶᠢ | ᠪᠠᠲᠤᠯᠠᠵᠠᠶ᠃ ᠲᠣᠰᠬᠤᠨ ᠤ ᠵᠠᠬ᠎ᠠ ᠳᠠᠬᠢ ᠵᠢᠵᠢᠭ ᠬᠤᠳᠠᠯᠳᠤᠭᠠᠨ ᠤ ᠭᠠᠵᠠᠷ ᠵᠡᠷᠭᠡ ᠬᠥᠮᠦᠨ ᠬᠠᠷ᠎ᠠ ᠲᠥᠪᠯᠡᠷᠡᠭᠰᠡᠨ | ᠣᠷᠣᠨ ᠪᠦᠰᠡ ᠳᠤ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠨᠡᠶᠢᠲᠡᠯᠢᠭ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠵᠢᠷᠤᠭ ᠪᠢᠴᠢᠭ ᠬᠤᠣᠰᠯᠠᠭᠰᠠᠨ ᠬᠡᠯᠪᠡᠷᠢ ᠪᠠᠷ ᠣᠯᠠᠨ ᠲᠦᠮᠡᠨ ᠳᠤ | ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠲᠣᠰᠬᠤᠨ ᠤ ᠠᠷᠠᠳ ᠢ ᠬᠥᠲᠥᠯᠥᠨ ᠰᠤᠷᠤᠯᠴᠠᠭᠤᠯᠤᠨ᠎ᠠ︔ | ᠰᠦᠯᠵᠢᠶᠡᠨ ᠳᠡᠭᠡᠷ᠎ᠡ ᠪᠠᠰᠠ ᠸᠢᠴᠠᠲ ᠤᠨ ᠬᠤᠯᠪᠣᠭ᠎ᠠ᠂ ᠣᠯᠠᠨ ᠨᠡᠶᠢᠲᠡ ᠶᠢᠨ ᠳ᠋ᠤᠭᠠᠷ ᠢ ᠠᠰᠢᠭᠯᠠᠨ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠳᠠᠮᠵᠢᠭᠤᠯᠤᠨ ᠲᠠᠷᠬᠠᠭᠠᠵᠤ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠪᠠ ᠬᠠᠤᠯᠢ | ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠦᠷ᠎ᠡ ᠳ᠋ᠦᠩ ᠢ ᠲᠠᠶᠢᠯᠪᠤᠷᠢᠯᠠᠵᠤ᠂ ᠡᠷᠬᠢᠨ ᠲᠣᠭᠤᠷᠢᠨ ᠤ | ᠣᠯᠠᠨ ᠲᠦᠮᠡᠨ ᠤ ᠣᠶ ᠰᠢᠭᠤᠶ ᠶᠢᠨ ᠭᠠᠯ ᠰᠡᠷᠭᠡᠶᠢᠯᠡᠬᠦ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ | ᠭᠤᠷᠪᠠ᠂ ᠬᠠᠮᠲᠤᠷᠠᠨ ᠬᠠᠤᠯᠢ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠨ᠎ᠠ᠃ | ᠤᠬᠠᠭᠤᠯᠭ᠎ᠠ ᠪᠠ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠶᠢᠨ ᠰᠠᠭᠤᠷᠢᠨ ᠳᠡᠭᠡᠷ᠎ᠡ᠂ ᠮᠠᠨ ᠤ | ᠪᠠᠯᠭᠠᠰᠤ ᠢᠯᠡᠷᠡᠭᠦᠯᠬᠦ᠂ ᠬᠠᠮᠢᠶᠠᠷᠤᠨ ᠡᠵᠡᠮᠳᠡᠬᠦ᠂ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ | ᠲᠣᠰᠬᠤᠨ ᠤ ᠺᠠᠳ᠋ᠷ᠂ ᠭᠠᠴᠠᠭ᠎ᠠ ᠶᠢ ᠳᠠᠭᠠᠭᠠᠴᠢᠯᠠᠭᠰᠠᠨ ᠺᠠᠳ᠋ᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠪᠠᠶᠢᠩᠭᠤᠵᠢᠭᠰᠠᠨ ᠲᠣᠭᠤᠷᠢᠨ ᠪᠠᠶᠢᠴᠠᠭᠠᠯᠲᠠ ᠶᠢ ᠬᠡᠷᠡᠭᠵᠢᠭᠦᠯᠵᠦ᠂ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ | ᠳᠤᠮᠳᠠᠬᠢ ᠭᠠᠯ ᠤᠨ ᠠᠶᠤᠯ᠂ ᠲᠠᠷᠢᠮᠠᠯ ᠤᠨ ᠡᠰᠢ ᠰᠦᠷᠡᠯ ᠢ ᠵᠠᠳᠠᠭᠠᠶ ᠰᠢᠲᠠᠭᠠᠭᠰᠠᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠳᠠᠷᠤᠶ ᠲᠦᠷᠭᠡᠨ ᠬᠤᠷᠢᠭᠯᠠᠵᠤ᠂ ᠪᠠᠯᠭᠠᠰᠤᠨ ᠤ ᠬᠠᠤᠯᠢ ᠬᠡᠷᠡᠭᠵᠢᠭᠦᠯᠬᠦ ᠠᠩᠭᠢ ᠪᠠᠰᠠ | ᠵᠢᠯᠣᠭᠤᠴᠢ ᠥᠬᠡᠶ ᠨᠢᠰᠬᠡᠯ ᠢ ᠠᠰᠢᠭᠯᠠᠨ ᠥᠨᠳᠥᠷ ᠳᠡᠭᠡᠷ᠎ᠡ ᠴᠠᠭᠳᠠᠨ ᠪᠠᠶᠢᠴᠠᠭᠠᠯᠲᠠ ᠬᠢᠵᠦ᠂ ᠬᠥᠮᠦᠨ ᠤ | ᠬᠦᠴᠦ ᠪᠠᠷ ᠴᠠᠭᠳᠠᠨ ᠪᠠᠶᠢᠴᠠᠭᠠᠬᠤ ᠳᠤᠲᠠᠭᠤᠳᠠᠯ ᠢ ᠨᠥᠬᠦᠪᠥᠷᠢᠯᠡᠵᠦ᠂ ᠣᠶ ᠰᠢᠭᠤᠶ ᠶᠢᠨ ᠡᠬᠢ ᠪᠠᠶᠠᠯᠢᠭ ᠢ ᠰᠠᠬᠢᠨ | ᠬᠠᠮᠠᠭᠠᠯᠠᠬᠤ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠠᠶ᠃ ᠣᠳᠣᠬᠠᠨ ᠳᠤ᠂ | ᠪᠥᠬᠦ ᠪᠠᠯᠭᠠᠰᠤᠨ ᠳᠤ 90 ᠭᠠᠷᠤᠶ ᠤᠳᠠᠭ᠎ᠠ ᠲᠣᠭᠤᠷᠢᠨ ᠴᠠᠭᠳᠠᠵᠤ᠂ ᠠᠭᠤᠯᠠ ᠴᠠᠭᠳᠠᠬᠤ ᠠᠵᠢᠯᠲᠠᠨ ᠢ 200 | ᠭᠠᠷᠤᠶ ᠬᠥᠮᠦᠨ ᠤᠳᠠᠭ᠎ᠠ ᠬᠥᠳᠡᠯᠭᠡᠵᠦ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ 6 ᠠᠵᠢᠯᠯᠠᠭ᠎ᠠ ᠶᠢ | ᠢᠯᠡᠷᠡᠭᠦᠯᠦᠭᠰᠡᠨ ᠪᠥᠭᠡᠳ ᠬᠤᠷᠢᠭᠯᠠᠨ ᠵᠣᠭᠰᠣᠭᠠᠵᠠᠶ᠃ | | | | | | |