ᠯᠢᠦ ᠰᠢᠶᠤᠤ ᠫᠢᠩ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ | ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ | ᠬᠤᠷᠠᠯᠳᠤᠭᠤᠯᠪᠠ | 4 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠲᠤᠭᠤᠷᠢᠭ ᠤᠨ ᠳᠠᠷᠤᠭ᠎ᠠ ᠯᠢᠦ ᠰᠢᠶᠤᠤ ᠫᠢᠩ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠬᠤ᠂ ᠭᠠᠳᠠᠭᠠᠳᠤ ᠨᠡᠭᠡᠭᠡᠯᠲᠡ ᠬᠢᠬᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ᠂ | ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠵᠠᠰᠠᠯᠲᠠ ᠵᠡᠷᠭᠡ ᠭᠤᠤᠯᠳᠠᠯᠭ᠎ᠠ ᠲᠠᠢ ᠠᠵᠢᠯ ᠢ ᠨᠠᠷᠢᠨ | ᠬᠢᠨᠠᠮᠠᠭᠠᠶ ᠰᠠᠶᠢᠲᠤᠷ ᠠᠳᠬᠤᠵᠤ᠂《 ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠥᠭᠦᠯᠡᠯᠲᠡ 》ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ | ᠰᠡᠳᠦᠪᠲᠦ ᠨᠣᠮ ᠤᠩᠰᠢᠬᠤ ᠠᠩᠭᠢ ᠳᠡᠭᠡᠷᠡᠬᠢ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠣᠳᠠᠲᠠᠶ ᠠᠵᠢᠯ ᠳᠠᠭᠠᠨ | ᠤᠯᠠᠷᠢᠭᠤᠯᠵᠤ᠂ ᠡᠯ᠎ᠡ ᠵᠦᠢᠯ ᠤᠨ ᠠᠵᠢᠯ ᠪᠣᠯᠤᠨ ᠰᠤᠷᠤᠯᠴᠠᠯᠭ᠎ᠠ ᠬᠥᠮᠦᠵᠢᠯ ᠤᠨ ᠠᠭᠤᠰᠤᠯᠴᠠᠯ ᠢ ᠨᠢᠭᠡ ᠴᠣᠭᠴᠠ | ᠪᠤᠯᠭᠠᠬᠤ ᠶᠢ ᠠᠬᠢᠭᠤᠯᠤᠨ᠎ᠠ ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠠᠪᠤᠨ ᠲᠠᠯ᠎ᠠ ᠶᠢᠨ 2025 ᠣᠨ ᠤ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠬᠠᠭᠤᠳᠠᠰᠤ ᠶᠢ ᠰᠤᠳᠤᠯᠤᠨ ᠬᠢᠨᠠᠨ ᠵᠥᠪᠯᠡᠵᠦ᠂ ᠳᠡᠭᠡᠳᠦ ᠬᠤᠶᠠᠷ ᠱᠠᠲᠤᠨ ᠤ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠣᠨ ᠤ ᠠᠵᠢᠯ ᠤᠨ ᠨᠠᠷᠢᠨ ᠬᠠᠭᠤᠳᠠᠰᠤ ᠶᠢᠨ | ᠬᠠᠷᠠᠯᠲᠠ ᠶᠢᠨ ᠱᠠᠭᠠᠷᠳᠠᠯᠭ᠎ᠠ᠂ ᠴᠠᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠠᠷᠭ᠎ᠠ ᠬᠡᠮᠵᠢᠶ᠎ᠡ ᠪᠠᠨ | ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂《 ᠲᠠᠪᠤᠨ ᠶᠡᠭᠡ ᠡᠭᠦᠷᠭᠡ 》 ᠶᠢ ᠪᠥᠬᠦ | ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠲᠠᠢ ᠠᠭᠤᠰᠤᠯᠴᠠᠭᠤᠯᠤᠨ ᠬᠠᠮᠲᠤ ᠪᠠᠷ ᠤᠷᠤᠭᠰᠢᠯᠠᠵᠤ᠂ | ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠵᠢᠦ ᠶᠤᠸᠠᠨ ᠲᠣᠭᠤᠷᠢᠭ ᠲᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ | ᠣᠷᠣᠨ ᠤ ᠲᠣᠭᠤᠷᠢᠨ ᠪᠠᠶᠢᠴᠠᠭᠠᠬᠤ ᠠᠯᠪᠠᠨ ᠬᠡᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ | ᠳᠥᠷᠪᠡᠨ ᠱᠠᠭᠠᠷᠳᠠᠯᠭ᠎ᠠ ᠶᠢᠨ ᠲᠣᠭᠤᠷᠢᠨ ᠳᠤ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠴᠡᠭᠴᠡᠯᠡᠨ | ᠰᠠᠶᠢᠵᠢᠷᠠᠭᠤᠯᠬᠤ ᠠᠵᠢᠯ ᠤᠨ ᠠᠬᠢᠴᠠ ᠶᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ | ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠯᠭᠠᠭᠤᠷᠢᠯᠠᠬᠤ ᠮᠠᠲ᠋ᠧᠷᠢᠶᠠᠯ ᠢ ᠤᠯᠠᠮ ᠴᠢᠨᠠᠭᠰᠢᠳᠠ | ᠲᠡᠭᠦᠯᠳᠡᠷᠵᠢᠭᠦᠯᠵᠦ᠂ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠷ ᠳᠡᠭᠡᠳᠦ ᠱᠠᠲᠤᠨ ᠤ | ᠵᠥᠪᠰᠢᠶᠡᠷᠡᠯ ᠢ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠲᠤᠭᠤᠷᠢᠭ ᠤᠨ ᠠᠵᠤ ᠠᠬᠤᠶ ᠶᠢᠨ ᠪᠠᠶᠢᠭᠤᠯᠤᠮᠵᠢ ᠪᠠ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ 3 ᠵᠦᠢᠯ ᠤᠨ ᠭᠤᠤᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠥᠬᠦ | ᠲᠤᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠨᠠᠷᠢᠨ | ᠬᠠᠭᠤᠳᠠᠰᠤ ᠲᠠᠢ ᠤᠶᠠᠯᠳᠤᠭᠤᠯᠤᠨ ᠨᠢᠭᠡᠳᠦᠯᠲᠡᠶ ᠲᠥᠯᠥᠪᠵᠢᠭᠦᠯᠬᠦ ᠶᠢ ᠰᠠᠶᠢᠲᠤᠷ ᠠᠳᠬᠤᠵᠤ᠂ ᠳᠠᠷᠤᠭᠠᠰᠤ ᠶᠢ | ᠬᠥᠩᠭᠡᠷᠡᠭᠦᠯᠵᠦ ᠬᠦᠯᠢᠶᠡᠰᠦ ᠶᠢ ᠰᠤᠯᠠᠷᠠᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠲᠡᠩᠴᠡᠭᠦᠷᠢ ᠶᠢᠨ ᠴᠡᠭ ᠢ ᠣᠨᠣᠪᠴᠢᠲᠠᠶ ᠡᠷᠢᠵᠦ᠂ ᠥᠭᠡᠷᠡᠴᠢᠯᠡᠯᠲᠡ ᠶᠢᠨ ᠡᠭᠦᠷᠭᠡ ᠶᠢ ᠴᠠᠭ | ᠬᠤᠭᠤᠴᠠᠭ᠎ᠠ ᠪᠠ ᠱᠠᠭᠠᠷᠳᠠᠯᠭ᠎ᠠ ᠶᠣᠰᠣᠭᠠᠷ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠡᠯᠪᠡᠭ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ | ᠬᠠᠮᠢᠶᠠᠷᠤᠯᠲᠠ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠣᠯᠠᠨ | ᠲᠦᠮᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠲᠣᠰ ᠪᠡᠶ᠎ᠡ ᠶᠢᠨ ᠠᠰᠢᠭ ᠲᠤᠰᠠ ᠶᠢ | ᠦᠨᠡᠨ ᠬᠦ ᠬᠠᠮᠠᠭᠠᠯᠠᠬᠤ ᠬᠡᠷᠡᠭᠲᠡᠶ᠃ | ᠬᠤᠷᠠᠯ ᠠᠴᠠ ᠪᠥᠬᠦ ᠲᠤᠭᠤᠷᠢᠭ ᠤᠨ ᠣᠶᠢᠷ᠎ᠠ ᠶᠢᠨ 5 ᠵᠢᠯ ᠤᠨ ᠲᠤᠷᠰᠢᠬᠢ ᠴᠢᠳᠠᠪᠤᠷᠢᠲᠠᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂《 ᠵᠢᠤ | ᠶᠤᠸᠠᠨ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ | 2025 ᠣᠨ ᠤ ᠠᠵᠢᠯ ᠤᠨ ᠭᠤᠤᠯᠳᠠᠯᠭ᠎ᠠ ( ᠬᠢᠨᠠᠭᠤᠯᠬᠤ ᠪᠠᠷ ᠬᠦᠷᠭᠡᠬᠦ ᠨᠤᠤᠷᠠᠭ ) 》《ᠳᠤᠮᠳᠠᠳᠤ ᠤᠯᠤᠰ ᠤᠨ | ᠡᠪ ᠬᠠᠮᠲᠤ ᠨᠠᠮ ᠤᠨ ᠵᠢᠤ ᠶᠤᠸᠠᠨ ᠲᠤᠭᠤᠷᠢᠭ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ ( ᠬᠢᠨᠠᠭᠤᠯᠬᠤ ᠪᠠᠷ ᠬᠦᠷᠭᠡᠬᠦ | ᠨᠤᠤᠷᠠᠭ ) 》《ᠪᠥᠬᠦ ᠬᠤᠲᠠ ᠶᠢᠨ ᠡᠮᠴᠢᠯᠡᠭᠡᠨ ᠤ ᠥᠨᠳᠦᠷᠯᠢᠭ ᠭᠠᠵᠠᠷ ᠤᠨ ᠪᠥᠲᠥᠭᠡᠨ ᠪᠠᠶᠢᠭᠤᠯᠤᠯᠲᠠ ᠳᠤ | ᠤᠯᠠᠮ ᠨᠢᠭᠡ ᠠᠯᠬᠤᠮ ᠠᠭᠤᠰᠤᠯᠴᠠᠵᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠲᠥᠰᠦᠯ ( ᠬᠢᠨᠠᠭᠤᠯᠬᠤ ᠪᠠᠷ ᠬᠦᠷᠭᠡᠬᠦ ᠨᠤᠤᠷᠠᠭ ) 》 ᠢ ᠰᠤᠳᠤᠯᠤᠨ | ᠬᠢᠨᠠᠨ ᠵᠥᠪᠯᠡᠵᠦ᠂ ᠴᠢᠳᠠᠪᠤᠷᠢᠲᠠᠨ ᠢ ᠬᠥᠲᠥᠯᠥᠨ ᠬᠥᠮᠦᠵᠢᠭᠦᠯᠵᠦ ᠦᠯᠡᠳᠡᠭᠡᠨ ᠬᠡᠷᠡᠭᠯᠡᠬᠦ ᠪᠥᠬᠦ ᠶᠠᠪᠤᠴᠠ ᠶᠢ | ᠰᠠᠶᠢᠲᠤᠷ ᠠᠳᠬᠤᠵᠤ᠂ ᠨᠠᠩ ᠲᠠᠲᠠᠬᠤ ᠬᠦᠴᠦᠨ ᠲᠠᠢ ᠴᠢᠳᠠᠪᠤᠷᠢᠲᠠᠨ ᠤ ᠶᠡᠷᠦᠩᠬᠡᠶᠢᠯᠡᠭᠰᠡᠨ ᠣᠷᠴᠢᠨ ᠲᠣᠭᠤᠷᠢᠨ ᠢ | ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠭᠤᠤᠯᠳᠠᠯᠭ᠎ᠠ ᠶᠢᠨ ᠲᠣᠭᠤᠷᠢᠨ ᠳᠤ ᠨᠠᠮ ᠤᠨ | ᠪᠠᠶᠢᠭᠤᠯᠤᠯᠲᠠ ᠶᠢ ᠠᠳᠬᠤᠵᠤ᠂ ᠳᠡᠭᠡᠳᠦ ᠭᠤᠷᠪᠠᠨ ᠱᠠᠲᠤ ᠪᠠ ᠲᠤᠭᠤᠷᠢᠭ ᠤᠨ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠪᠥᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠶ᠃ ᠢᠷᠡᠬᠦ 3 ᠵᠢᠯ ᠤᠨ | ᠳᠣᠲᠣᠷ᠎ᠠ ᠵᠢᠤ ᠶᠤᠸᠠᠨ ᠲᠤᠭᠤᠷᠢᠭ ᠤᠨ ᠠᠷᠠᠳ ᠲᠦᠮᠡᠨ ᠤ ᠡᠪᠡᠳᠴᠢᠨ ᠦᠵᠡᠭᠦᠯᠬᠦ ᠦᠨᠳᠦᠰᠦᠨ ᠬᠡᠷᠡᠭᠴᠡᠭᠡ ᠶᠢ | ᠬᠠᠩᠭᠠᠬᠤ ᠬᠠᠷᠠᠯᠲᠠ ᠶᠢ ᠪᠡᠶᠡᠯᠡᠭᠦᠯᠬᠦ ᠪᠠᠷ ᠳᠤᠭᠲᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠨᠠᠷᠢᠨ ᠳᠠᠩᠰᠠᠴᠢᠯᠠᠭᠰᠠᠨ ᠯᠠᠪᠳᠠᠭᠤᠨ ᠳᠤᠭᠲᠠᠭᠤᠨ ᠡᠮᠬᠢ | ᠲᠢᠭᠯᠢᠮ ᠲᠠᠢ ᠪᠠᠷ ᠡᠯ᠎ᠡ ᠲᠦᠷᠦᠯ ᠤᠨ ᠠᠵᠢᠯ ᠢ ᠠᠬᠢᠭᠤᠯᠬᠤ ᠬᠡᠷᠡᠭᠲᠡᠶ᠃ | | | | | | |