2025 ᠣᠨ ᠳᠤ ᠵᠢᠦ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2025/4/8
    ᠵᠢᠤ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠢᠳᠡᠪᠬᠢᠲᠡᠶ ᠬᠥᠳᠡᠯᠦᠯᠴᠡᠵᠦ᠂ 2025 ᠣᠨ ᠤ ᠵᠢᠤ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠮᠢᠶ᠎ᠠ ᠪᠥᠬᠦᠶ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠪᠠ᠃    2025 ᠣᠨ ᠤ 3 ᠰᠠᠷ᠎ᠠ ᠳᠤ᠂ ᠲᠤᠭᠤᠷᠢᠭ ᠤᠨ ᠵᠠᠮ ᠬᠠᠷᠢᠯᠴᠠᠭᠠᠨ ᠤ ᠠᠵᠢᠯ ᠦᠢᠯᠡᠰ ᠤᠨ ᠬᠥᠭᠵᠢᠯᠲᠡ ᠶᠢᠨ ᠲᠥᠪ ᠨᠢ ᠥᠪᠥᠷ ᠮᠣᠩᠭᠤᠯ ᠤᠨ ᠾᠧᠩ ᠳ᠋ᠧ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠨᠠᠶᠢᠳᠠᠵᠤ᠂ 2025 ᠣᠨ ᠤ ᠵᠢᠦ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠵᠢᠷᠤᠭᠯᠠᠨ ᠲᠥᠯᠥᠪᠯᠡᠬᠦ ᠦᠢᠯᠡᠴᠢᠯᠡᠭᠡ ᠬᠤᠳᠠᠯᠳᠤᠨ ᠠᠪᠬᠤ ᠠᠵᠢᠯ ᠢ ᠥᠷᠨᠢᠭᠦᠯᠪᠡ᠃ 3 ᠰᠠᠷ᠎ᠠ ᠶᠢᠨ 28  ᠤ ᠡᠳᠦᠷ᠂《 2025 ᠣᠨ ᠤ ᠵᠢᠤ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠢᠯ ᠤᠨ ᠵᠢᠷᠤᠭᠯᠠᠨ ᠲᠥᠯᠥᠪᠯᠡᠬᠦ ᠦᠢᠯᠡᠴᠢᠯᠡᠭᠡᠨ ᠤ ᠥᠷᠢᠰᠥᠯᠳᠦᠭᠡᠨ ᠤ ᠴᠢᠨᠠᠷᠲᠠᠶ ᠵᠥᠪᠳᠡᠯᠴᠡᠭᠡ ᠬᠢᠬᠦ ᠠᠯᠪᠠᠨ ᠵᠠᠷ 》 ᠢ ᠳᠤᠮᠳᠠᠳᠤ ᠤᠯᠤᠰ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶ᠎ᠡ ᠵᠡᠷᠭᠡ ᠳᠤᠨᠢ ᠨᠡᠶᠢᠲᠡᠯᠡᠪᠡ᠃ ᠡᠨᠡ ᠬᠦ ᠠᠷᠭ᠎ᠠ ᠬᠡᠮᠵᠢᠶ᠎ᠡ ᠨᠢ 2025 ᠣᠨ ᠳᠤ ᠵᠢᠤ ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠵᠢᠩᠬᠢᠨᠢ ᠪᠠᠷ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠱᠠᠲᠤᠨ ᠳᠤ ᠤᠷᠤᠭᠰᠠᠨ ᠢ ᠬᠠᠷᠠᠭᠤᠯᠵᠤ ᠪᠣᠶ᠃    ᠬᠥᠳᠡᠭᠡ ᠲᠣᠰᠬᠤᠨ ᠤ ᠵᠠᠰᠠᠮᠠᠯ ᠵᠠᠮ ᠨᠢ ᠬᠥᠳᠡᠭᠡ ᠲᠣᠰᠬᠤᠨ ᠤ ᠭᠠᠵᠠᠷ ᠣᠷᠣᠨ ᠤ ᠴᠢᠬᠤᠯᠠ ᠰᠠᠭᠤᠷᠢ ᠪᠡᠯᠡᠳᠬᠡᠮᠵᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠳᠤ ᠣᠷᠣᠯᠠᠭᠤᠯᠵᠤ ᠪᠣᠯᠤᠰᠢ ᠥᠬᠡᠶ ᠦᠢᠯᠡᠳᠦᠯ ᠲᠠᠢ ᠶᠤᠮ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠰᠠᠶᠢᠲᠤᠷ ᠬᠢᠪᠡᠯ᠂ ᠵᠠᠰᠠᠮᠠᠯ ᠵᠠᠮ ᠤᠨ ᠬᠡᠷᠡᠭᠯᠡᠯᠲᠡ ᠶᠢᠨ ᠠᠮᠢ ᠨᠠᠰᠤ ᠶᠢ ᠤᠷᠲᠤᠳᠬᠠᠵᠤ᠂ ᠵᠠᠰᠠᠮᠠᠯ ᠵᠠᠮ ᠤᠨ ᠨᠡᠪᠲᠡᠷᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ᠂ ᠬᠥᠳᠡᠭᠡ ᠲᠣᠰᠬᠤᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠵᠤ ᠴᠢᠳᠠᠨ᠎ᠠ᠃    ᠵᠠᠯᠭᠠᠭᠠᠳ᠂ ᠲᠤᠭᠤᠷᠢᠭ ᠤᠨ ᠵᠠᠮ ᠬᠠᠷᠢᠯᠴᠠᠭᠠᠨ ᠤ ᠠᠵᠢᠯ ᠦᠢᠯᠡᠰ ᠤᠨ ᠬᠥᠭᠵᠢᠯᠲᠡ ᠶᠢᠨ ᠲᠥᠪ ᠵᠢᠷᠤᠭ ᠲᠥᠯᠥᠪᠯᠡᠭᠡ ᠶᠢᠨ ᠦᠢᠯᠡᠴᠢᠯᠡᠭᠡᠨ ᠤ ᠳᠠᠭᠠᠭᠠᠴᠢᠯᠠᠯᠲᠠ ᠵᠠᠷᠯᠠᠬᠤ᠂ ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠦᠷᠭᠦᠯᠵᠢᠯᠡᠨ ᠳᠠᠭᠠᠵᠤ᠂ ᠡᠯ᠎ᠡ ᠴᠤᠪᠤᠷᠠᠯ ᠢ ᠴᠢᠩᠭ᠎ᠠ ᠡᠵᠡᠮᠳᠡᠨ᠂ ᠬᠠᠮᠢᠶ᠎ᠠ ᠪᠥᠬᠦᠶ ᠨᠢᠭᠡᠴᠡ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠵᠤ᠂ ᠲᠠᠷᠠᠭᠠᠴᠢ ᠶᠢᠨ ᠪᠠᠷᠢᠯᠭ᠎ᠠ ᠶᠢᠨ ᠠᠵᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ ᠢᠷᠡᠭᠡᠳᠦᠶ ᠳᠤ᠂ ᠲᠤᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠨᠢ ᠪᠠᠰᠠ ᠠᠷᠠᠳ ᠤᠨ ᠠᠮᠢᠳᠤᠷᠠᠯ ᠳᠤ ᠦᠢᠯᠡᠴᠢᠯᠡᠬᠦ ᠤᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠢᠤ ᠶᠤᠸᠠᠨ ᠲᠤᠭᠤᠷᠢᠭ ᠤᠨ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦ ᠨᠡᠮᠡᠷᠢᠯᠡᠬᠦ ᠪᠣᠯᠤᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号