ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/4/8
    4 ᠰᠠᠷ᠎ᠠ ᠶᠢᠨ 3  ᠤ ᠡᠳᠦᠷ᠂ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠤᠯᠤᠰ ᠤᠨ ᠠᠮᠤᠷ ᠲᠦᠪᠰᠢᠨ ᠤ ᠲᠤᠰᠬᠠᠢ ᠰᠡᠳᠦᠪ ᠤᠨ ᠲᠣᠭᠤᠷᠢᠨ ᠳᠤ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠥᠷᠨᠢᠭᠦᠯᠪᠡ᠃ ᠰᠤᠷᠤᠯᠴᠠᠯᠭ᠎ᠠ ᠶᠢ ᠬᠤᠪᠢ ᠬᠥᠮᠦᠨ ᠥᠪᠡᠰᠦᠪᠡᠨ ᠰᠤᠷᠬᠤ᠂ ᠬᠠᠮᠲᠤ ᠪᠠᠷ ᠰᠤᠷᠤᠯᠴᠠᠬᠤ ᠪᠠ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠤᠨ᠎ᠠ᠃    ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠤᠭᠤᠷᠢᠭ ᠤᠨ ᠳᠠᠷᠤᠭ᠎ᠠ ᠯᠢᠦ ᠰᠢᠶᠤᠤ ᠫᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠲᠤᠭᠤᠷᠢᠭ ᠤᠨ ᠤᠳᠤᠷᠢᠳᠤᠯᠭ᠎ᠠ ᠯᠢᠦ ᠰᠢᠶᠤᠤ ᠫᠢᠩ᠂ ᠯᠢᠦ ᠸᠧᠨ ᠭᠤᠸᠠᠩ᠂ ᠸᠠᠩ ᠶᠦᠩ ᠰᠢᠶᠠ᠂ ᠯᠢᠦ ᠶᠧ᠂ ᠰᠠᠷᠠᠨ ᠬᠤᠸᠠ᠂ ᠾᠧᠦ ᠯᠢᠨ᠂ ᠸᠠᠩ ᠶᠦᠩ᠂ ᠯᠢ ᠴᠧᠨ ᠸᠧᠢ᠂ ᠶᠣᠣ ᠵᠧᠨ ᠵᠦᠩ᠂ ᠵᠢᠶᠠ ᠵᠢᠶᠦ᠋ᠨ ᠹᠧᠩ ᠰᠤᠳᠤᠯᠤᠨ ᠶᠠᠷᠢᠯᠴᠠᠬᠤ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠪᠣᠯ ᠤᠯᠤᠰ ᠤᠨ ᠠᠰᠢᠭ ᠲᠤᠰᠠ ᠶᠢᠨ ᠦᠨᠳᠦᠰᠦᠨ ᠵᠦᠢᠯ ᠪᠣᠯᠬᠤ ᠶᠢ ᠭᠦᠨᠵᠡᠭᠡᠶ ᠡᠵᠡᠮᠳᠡᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠬᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂《 ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ 》ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠪᠠᠭ᠎ᠠ ᠠᠴᠠ ᠶᠡᠭᠡ ᠶᠢ ᠮᠡᠳᠡᠬᠦ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠤᠨ ᠠᠮᠤᠷ ᠲᠦᠪᠰᠢᠨ ᠤ ᠠᠵᠢᠯ ᠢ ᠪᠥᠬᠦ ᠲᠤᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠵᠢᠤ ᠶᠤᠸᠠᠨ ᠢ ᠴᠢᠷᠮᠠᠶᠢᠨ ᠪᠥᠲᠥᠭᠡᠨ ᠪᠠᠶᠢᠭᠤᠯᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠬᠢᠴᠠᠯᠳᠤᠨ ᠬᠠᠮᠲᠤᠷᠠᠯᠴᠠᠬᠤ ᠶᠢ ᠴᠢᠩᠭᠠᠳᠬᠠᠵᠤ᠂ ᠤᠯᠤᠰ ᠲᠥᠷᠥ᠂ ᠠᠵᠤ ᠠᠬᠤᠶ᠂ ᠨᠡᠶᠢᠭᠡᠮ᠂ ᠦᠵᠡᠯ ᠤᠬᠠᠮᠰᠠᠷ ᠤᠨ ᠬᠡᠯᠪᠡᠷᠢ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠬᠠᠤᠯᠢᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠰᠠᠶᠢᠲᠤᠷ ᠬᠢᠵᠦ᠂ ᠠᠵᠢᠯ ᠢᠶᠠᠨ《 ᠬᠡᠷᠡᠭ ᠤᠨ ᠳᠠᠷᠠᠭ᠎ᠠ ᠲᠤᠰᠬᠠᠬᠤ᠂ ᠰᠠᠨᠠᠭᠠᠴᠢᠯᠠᠭᠠᠲᠤ ᠪᠤᠰᠤ ᠠᠷᠭᠠᠴᠠᠭᠠᠬᠤ 》 ᠠᠴᠠ《 ᠤᠷᠢᠳ ᠢᠶᠠᠷ ᠰᠡᠷᠡᠮᠵᠢᠯᠡᠭᠦᠯᠬᠦ᠂ ᠰᠠᠨᠠᠭᠠᠴᠢᠯᠠᠭ᠎ᠠ ᠠᠴᠠ ᠪᠠᠨ ᠴᠣᠭᠴᠠᠯᠠᠬᠤ 》ᠳᠠᠰᠢ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ ᠡᠬᠢ ᠪᠠᠶᠠᠯᠢᠭ ᠤᠨ ᠡᠯᠧᠮᠧᠨ᠋ᠲ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠬᠠᠭᠤᠯᠭ᠎ᠠ ᠬᠥᠮᠦᠵᠢᠯ ᠤᠨ ᠠᠭᠤᠯᠭ᠎ᠠ᠂ ᠤᠬᠠᠭᠤᠯᠭ᠎ᠠ ᠬᠥᠮᠦᠵᠢᠯ ᠤᠨ ᠬᠡᠯᠪᠡᠷᠢ᠂ ᠤᠬᠠᠭᠤᠯᠭ᠎ᠠ ᠬᠥᠮᠦᠵᠢᠯ ᠤᠨ ᠠᠷᠭ᠎ᠠ ᠵᠠᠮ ᠢ ᠴᠢᠨᠠᠭᠰᠢᠳᠠ ᠲᠡᠭᠦᠯᠳᠡᠷᠵᠢᠭᠦᠯᠦᠨ ᠰᠢᠨᠡᠴᠢᠯᠡᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠭᠡᠷ ᠬᠤᠷᠢᠶᠠᠯᠠᠯ ᠳᠤ ᠣᠷᠣᠭᠤᠯᠬᠤ ᠶᠢ ᠠᠬᠢᠭᠤᠯᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠢᠨ᠎ᠡ ᠤᠨᠤᠯ ᠢ ᠲᠣᠳᠣᠷᠬᠠᠶᠢᠯᠠᠨ ᠲᠠᠶᠢᠯᠪᠤᠷᠢᠯᠠᠵᠤ᠂ ᠰᠢᠨ᠎ᠡ ᠪᠠᠶᠢᠳᠠᠯ ᠢ ᠵᠠᠳᠠᠯᠵᠤ᠂ ᠰᠢᠨ᠎ᠡ ᠦᠯᠢᠭᠡᠷ ᠢ ᠰᠠᠶᠢᠲᠤᠷ ᠶᠠᠷᠢᠵᠤ᠂ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠡᠯ᠎ᠡ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ ᠳᠡᠮᠵᠢᠭᠰᠡᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠶᠡᠭᠡ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠢ ᠃  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号