︽ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/4/8
        ︽ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ        ᠪᠠᠶᠢᠳᠠᠯ ᠢ ᠠᠷᠭᠠᠴᠠᠭᠠᠬᠤ ᠲᠥᠰᠦᠯ︾ ᠤᠨ ᠲᠠᠶᠢᠯᠤᠮᠵᠢ ᠦᠰᠦᠭ ᠪᠢᠴᠢᠭ ᠢᠶᠠᠷ ᠦᠭᠦᠯᠡᠬᠦᠢ᠄    2025 ᠣᠨ ᠳᠤ ︽ ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠲᠤᠭᠤᠷᠪᠢᠬᠤ᠂ ᠰᠠᠨᠠᠯ ᠬᠤᠷᠢᠶᠠᠬᠤ ᠵᠡᠷᠭᠡ ᠠᠯᠢ ᠣᠯᠠᠨ ᠲᠠᠰ ᠳᠠᠷᠠᠭᠠᠯᠠᠯ ᠢ ᠴᠢᠩᠳᠠᠯᠠᠵᠤ᠂ ᠵᠠᠰᠠᠪᠤᠷᠢ ᠣᠷᠣᠭᠤᠯᠬᠤ ᠠᠵᠢᠯ ᠢ ᠤᠷᠤᠭᠰᠢᠲᠠᠶ ᠪᠡᠶᠡᠯᠡᠭᠦᠯᠦᠨ᠎ᠡ ᠃ ᠡᠳᠦᠭᠡ ︽ᠪᠡᠯᠡᠳᠬᠡᠯ ᠲᠥᠰᠦᠯ︾ ᠤᠨ ᠠᠭᠤᠯᠭ᠎ᠠ ᠳᠤ ᠳᠣᠤᠷᠠᠬᠢ ᠮᠡᠲᠦ ᠲᠠᠶᠢᠯᠤᠮᠵᠢ ᠬᠢᠶ᠎ᠡ ᠄    ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠵᠢᠴᠢ ᠦᠨᠳᠦᠰᠦᠯᠡᠯ    ᠢᠳᠡᠭᠡᠨ ᠤ ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠪᠦᠲᠦᠮᠵᠢᠲᠡᠶ ᠰᠡᠷᠭᠡᠶᠢᠯᠡᠬᠦ ᠪᠠ ᠡᠮᠬᠢ ᠵᠢᠷᠤᠮ ᠲᠠᠢ ᠪᠠᠷ ᠠᠷᠭᠠᠴᠠᠭᠠᠬᠤ ᠶᠢᠨ ᠲᠤᠰᠠᠳᠠ᠂ ᠬᠡᠷᠡᠭ ᠭᠠᠷᠬᠤ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠬᠢᠭᠡᠳ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠬᠤ ᠶᠢᠨ ᠲᠤᠰᠠᠳᠠ ᠂ ᠮᠠᠨ ᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠶᠢᠨ ᠬᠡᠷᠡᠭᠵᠢᠭᠦᠯᠬᠦ ᠲᠦᠷᠢᠮ︾ ᠂ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠂ ︽ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠢᠳᠡᠭᠡᠨ ᠤ ᠠᠮᠤᠷ ᠲᠦᠪᠰᠢᠨ ᠤ ᠬᠠᠷᠢᠶ᠎ᠠ ᠭᠠᠵᠠᠷ ᠤᠨ ᠬᠠᠮᠢᠶᠠᠷᠤᠯᠲᠠ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠮᠢᠶ᠎ᠠ ᠪᠥᠬᠦᠶ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠮᠡᠳᠡᠭᠳᠡᠯ︾ ᠂ ︽ᠪᠤᠭᠤᠲᠤ ᠬᠤᠲᠠ ᠶᠢᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠪᠠ ︽ᠪᠤᠭᠤᠲᠤ ᠬᠤᠲᠠ ᠶᠢᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵ᠵᠠᠰᠠᠪᠤᠷᠢ ᠣᠷᠣᠭᠤᠯᠤᠭᠰᠠᠨ︶︾ ᠂ ︽ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵ᠵᠠᠰᠠᠪᠤᠷᠢ ᠣᠷᠣᠭᠤᠯᠤᠭᠰᠠᠨ︶︾ ︵ᠪᠤᠭᠤᠲᠤ ᠵᠢᠦ ᠶᠤᠸᠠᠨ ᠵᠠᠰᠠᠭ ᠤᠨ ᠣᠷᠳᠣᠨ ᠠᠯᠪᠠᠨ ᠲᠠᠷᠬᠠᠭᠠᠭᠰᠠᠨ ﹇2020﹈ 72 ᠳ᠋ᠤᠭᠠᠷ ᠲᠣᠭᠠᠲᠤ︶ ᠤᠨ ᠳᠠᠭᠠᠯᠳᠤᠭᠤᠯᠤᠭᠰᠠᠨ ᠲᠦᠷᠢᠮ ᠢ ᠦᠨᠳᠦᠰᠦᠯᠡᠨ 7.1 ᠬᠡᠪ ᠤᠨ ᠨᠠᠶᠢᠷᠠᠭᠤᠯᠤᠨ ᠵᠣᠬᠢᠶᠠᠬᠤ ᠲᠥᠰᠥᠯ ᠳᠤ ᠳᠠᠬᠢᠨ ᠵᠠᠰᠠᠪᠤᠷᠢ ᠣᠷᠤᠭᠤᠯᠪᠠ ᠃ 2024 ᠣᠨ ᠤ ︽ᠢᠳᠡᠭᠡᠨ ᠤ ᠠᠮᠤᠷ ᠲᠦᠪᠰᠢᠨ ᠤ ᠬᠠᠷᠢᠶ᠎ᠠ ᠭᠠᠵᠠᠷ ᠤᠨ ᠬᠠᠮᠢᠶᠠᠷᠤᠯᠲᠠ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠮᠢᠶ᠎ᠠ ᠪᠥᠬᠦᠶ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠰᠠᠯᠠᠭ᠎ᠠ ᠮᠥᠴᠢᠷ ᠤᠨ ᠢᠳᠡᠭᠡᠨ ᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢᠨ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠭᠤᠴᠢᠨ ᠬᠡᠪ ᠤᠨ ︽ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠬᠤ ᠪᠠᠷ ᠪᠣᠯᠪᠠ᠃    ᠬᠤᠶᠠᠷ᠂ ᠪᠦᠷᠢᠯᠳᠦᠬᠦᠨ ᠨᠢᠭᠡᠴᠢ ᠶᠢᠨ ᠰᠠᠨᠠᠯ ᠢ ᠬᠡᠷᠡᠭᠯᠡᠭᠰᠡᠨ ᠪᠠᠶᠢᠳᠠᠯ    ︽ᠪᠡᠯᠡᠳᠬᠡᠯ ᠲᠥᠰᠦᠯ ︵ᠰᠠᠨᠠᠯ ᠬᠤᠷᠢᠶᠠᠬᠤ ᠨᠣᠤᠷᠠᠭ︶︾ ᠤᠨ 26 ᠪᠦᠷᠢᠯᠳᠦᠬᠦᠨ ᠨᠢᠭᠡᠴᠢ ᠠᠴᠠ ᠰᠠᠨᠠᠯ ᠬᠤᠷᠢᠶᠠᠪᠠ᠂ ᠡᠭᠦᠨ ᠳᠤ ᠰᠠᠨᠠᠯ ᠥᠬᠡᠶ ᠨᠢᠭᠡᠴᠢ 24 ᠪᠠᠶᠢᠵᠤ᠂ 1 ᠨᠢᠭᠡᠴᠢ ᠶᠢᠨ ᠵᠠᠰᠠᠪᠤᠷᠢ ᠣᠷᠣᠭᠤᠯᠤᠭᠰᠠᠨ ᠰᠠᠨᠠᠯ ᠳᠤ ᠬᠡᠰᠡᠭ ᠲᠣᠬᠢᠷᠠᠭᠤᠯᠤᠯᠲᠠ ᠬᠢᠵᠦ᠂ 1 ᠨᠢᠭᠡᠴᠢ ᠶᠢᠨ ᠰᠠᠨᠠᠯ ᠤᠨ ᠠᠭᠤᠯᠭ᠎ᠠ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠱᠠᠭᠠᠷᠳᠠᠯᠭ᠎ᠠ ᠲᠠᠢ ᠨᠡᠶᠢᠴᠡᠬᠦ ᠥᠬᠡᠶ ᠪᠠᠶᠢᠵᠤ᠂ ᠭᠥᠯᠢᠶᠡᠨ ᠠᠪᠴᠤ ᠬᠡᠷᠡᠭᠯᠡᠭᠰᠡᠨ ᠥᠬᠡᠶ᠃    ᠭᠤᠷᠪᠠ᠂ ᠪᠡᠯᠡᠳᠬᠡᠯ ᠲᠥᠰᠦᠯ ᠤᠨ ᠪᠦᠯᠦᠭ ᠲᠤ ᠲᠠᠶᠢᠯᠤᠮᠵᠢ ᠬᠢᠬᠦ    ︽ᠪᠡᠯᠡᠳᠬᠡᠯ ᠲᠥᠰᠦᠯ︾ ᠤᠨ ᠠᠭᠤᠯᠭ᠎ᠠ ᠳᠤ ᠶᠡᠷᠦᠩᠬᠡᠶ ᠲᠦᠷᠢᠮ᠂ ᠵᠣᠬᠢᠶᠠᠨ ᠪᠠᠶᠢᠭᠤᠯᠤᠭᠰᠠᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠬᠦ ᠪᠠ ᠦᠨᠡᠯᠡᠨ ᠵᠢᠱᠢᠬᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ᠂ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠂ ᠳᠠᠭᠠᠯᠳᠤᠭᠤᠯᠤᠭᠰᠠᠨ ᠲᠦᠷᠢᠮ ᠵᠡᠷᠭᠡ ᠲᠤᠯᠤᠭᠠᠨ ᠬᠡᠰᠡᠭ ᠢ ᠪᠠᠭᠲᠠᠭᠠᠪᠠ ᠃    ᠨᠢᠭᠡᠳᠦᠭᠡᠷ ᠬᠡᠰᠡᠭ ᠤᠨ ︽ᠶᠡᠷᠦᠩᠬᠡᠶ ᠲᠦᠷᠢᠮ︾ ᠳᠤ ᠭᠤᠤᠯᠳᠠᠭᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠣᠷᠣᠨ ᠲᠤᠭ᠎ᠠ ᠶᠢᠨ ᠦᠨᠳᠦᠰᠦᠯᠡᠯ᠂ ᠠᠳᠡᠯ ᠢ ᠲᠠᠰ ᠬᠤᠪᠢᠶᠠᠬᠤ᠂ ᠬᠡᠷᠡᠭᠯᠡᠬᠦ ᠬᠡᠪᠴᠢᠶ᠎ᠡ᠂ ᠠᠳᠡᠯ ᠢ ᠰᠢᠢᠳᠪᠦᠷᠢᠯᠡᠬᠦ ᠵᠠᠷᠴᠢᠮ ᠢ ᠪᠠᠭᠲᠠᠭᠠᠵᠤ᠂ 2020 ᠣᠨ ᠤ ᠬᠡᠪ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠠᠢ ᠦᠨᠳᠦᠰᠦᠨ ᠳᠤ ᠪᠠᠨ ᠨᠢᠭᠡᠳᠦᠯᠲᠡᠶ ᠪᠠᠶᠢᠯᠭᠠᠪᠠ ᠃    ᠬᠤᠶᠠᠳᠤᠭᠠᠷ ᠬᠡᠰᠡᠭ ᠤᠨ ︽ᠵᠣᠬᠢᠶᠠᠨ ᠪᠠᠶᠢᠭᠤᠯᠤᠭᠰᠠᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ︾ ᠳᠤ ᠭᠤᠤᠯᠳᠠᠭᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠬᠦ᠂ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ᠂ ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ᠂ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠪᠠᠶᠢᠷᠢᠯᠠᠭᠤᠯᠤᠯᠲᠠ ᠵᠢᠴᠢ ᠡᠭᠦᠷᠭᠡ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠪᠠᠶᠢᠭᠤᠯᠤᠮᠵᠢ᠂ ᠵᠢᠯᠣᠭᠤᠳᠬᠤ ᠭᠠᠵᠠᠷ ᠢ ᠪᠠᠶᠢᠭᠤᠯᠤᠭᠰᠠᠨ ᠪᠣᠳᠠᠲᠠᠶ ᠪᠠᠶᠢᠳᠠᠯ᠂ ᠡᠯ᠎ᠡ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠵᠢᠴᠢ ᠡᠯ᠎ᠡ ᠠᠵᠢᠯᠯᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠥᠮ ᠲᠤᠳᠤᠷᠬᠠᠶᠢᠯᠠᠪᠠ ᠃    ᠭᠤᠷᠪᠠᠳᠤᠭᠠᠷ ᠬᠡᠰᠡᠭ ᠤᠨ ︽ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ︾ ᠳᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠᠬᠢ ᠮᠡᠳᠡᠭᠡ ᠵᠠᠩᠭᠢ᠂ ᠡᠮᠴᠢᠯᠡᠭᠡ᠂ ᠠᠵᠢᠯᠲᠠᠨ ᠵᠢᠴᠢ ᠮᠡᠷᠭᠡᠵᠢᠯ᠂ ᠡᠳ᠋ ᠪᠣᠳᠠᠰ ᠵᠢᠴᠢ ᠵᠠᠷᠤᠳᠠᠯ᠂ ᠨᠡᠶᠢᠭᠡᠮ ᠤᠨ ᠳᠠᠶᠢᠴᠢᠯᠠᠯᠲᠠ᠂ ᠤᠬᠠᠭᠤᠯᠭ᠎ᠠ ᠪᠣᠯᠪᠠᠰᠤᠷᠠᠯ ᠵᠡᠷᠭᠡ ᠡᠯ᠎ᠡ ᠲᠠᠯ᠎ᠠ ᠶᠢᠨ ᠪᠠᠲᠤᠯᠠᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃    ᠳᠥᠷᠪᠡᠳᠦᠭᠡᠷ ᠬᠡᠰᠡᠭ ᠤᠨ ︽ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠬᠦ ᠪᠠ ᠦᠨᠡᠯᠡᠨ ᠵᠢᠱᠢᠬᠦ ︾ ᠳᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠳᠡᠯ ᠤᠨ ᠮᠡᠳᠡᠭᠦᠯᠦᠯᠲᠡ᠂ ᠠᠳᠡᠯ ᠢ ᠦᠨᠡᠯᠡᠨ ᠵᠢᠱᠢᠬᠦ ᠱᠠᠭᠠᠷᠳᠠᠯᠭ᠎ᠠ ᠶᠢ ᠨᠠᠷᠢᠯᠢᠬᠵᠢᠭᠤᠯᠵᠤ᠂ ᠮᠡᠳᠡᠭᠡ ᠵᠠᠩᠭᠢ ᠮᠡᠳᠡᠭᠦᠯᠬᠦ ᠴᠠᠭ ᠤᠨ ᠬᠢᠵᠠᠭᠠᠷ᠂ ᠮᠡᠳᠡᠭᠦᠯᠬᠦ ᠭᠤᠣᠯ ᠴᠣᠭᠴᠠ᠂ ᠮᠡᠳᠡᠭᠦᠯᠬᠦ ᠠᠭᠤᠯᠭ᠎ᠠ ᠵᠡᠷᠭᠡ ᠶᠢ ᠲᠣᠳᠣᠷᠬᠠᠶᠢᠯᠠᠪᠠ᠃    ᠲᠠᠪᠤᠳᠤᠭᠠᠷ ᠬᠡᠰᠡᠭ ᠤᠨ ︽ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠤ ︾ ᠳᠤ ᠱᠠᠲᠤ ᠬᠤᠪᠢᠶᠠᠨ ᠳᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ᠂ ᠪᠠᠶᠢᠴᠠᠭᠠᠨ ᠰᠢᠯᠭᠠᠵᠤ ᠵᠠᠳᠠᠯᠤᠨ ᠦᠨᠡᠯᠡᠬᠦ᠂ ᠲᠠᠰ ᠤᠨ ᠲᠣᠬᠢᠷᠠᠭᠤᠯᠤᠯᠲᠠ ᠶᠢ ᠳᠠᠭᠠᠬᠤ ᠵᠢᠴᠢ ᠵᠣᠭᠰᠣᠭᠠᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠮᠡᠳᠡᠭᠡ ᠵᠠᠩᠭᠢ ᠨᠡᠶᠢᠲᠡᠯᠡᠬᠦ ᠱᠠᠭᠠᠷᠳᠠᠯᠭ᠎ᠠ ᠶᠢ ᠲᠣᠳᠣᠷᠬᠠᠶᠢᠯᠠᠪᠠ᠃    ᠵᠢᠷᠭᠤᠳᠤᠭᠠᠷ ᠬᠡᠰᠡᠭ ᠤᠨ ︽ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ︾ ᠳᠤ ᠴᠤᠤᠷᠢᠶᠠᠲᠤᠨ ᠳᠠᠭᠠᠬᠤ ᠶᠢ ᠵᠣᠭᠰᠣᠭᠠᠭᠰᠠᠨ ᠤ ᠳᠠᠷᠠᠭᠠᠬᠢ ᠵᠢᠯᠣᠭᠤᠳᠬᠤ ᠭᠠᠵᠠᠷ ᠤᠨ ᠰᠠᠶᠢᠲᠤᠷ ᠬᠢᠬᠦ ᠶᠣᠰᠣᠲᠠᠢ ᠬᠤᠯᠪᠣᠭᠳᠠᠯ ᠪᠦᠬᠦᠢ ᠠᠵᠢᠯ ᠢ ᠲᠣᠳᠣᠷᠬᠠᠶᠢᠯᠠᠪᠠ᠂ ᠡᠭᠦᠨ ᠳᠤ ᠭᠤᠣᠯᠳᠠᠭᠤ ᠳ᠋ᠦᠩᠨᠡᠨ ᠦᠨᠡᠯᠡᠬᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠢᠴᠢ ᠱᠠᠩᠨᠠᠵᠤ ᠲᠣᠷᠭᠠᠬᠤ ᠭᠤᠷᠪᠠᠨ ᠲᠠᠯ᠎ᠠ ᠶᠢ ᠪᠠᠭᠲᠠᠭᠠᠪᠠ ᠃    ᠳᠣᠯᠣᠳᠤᠭᠠᠷ ᠬᠡᠰᠡᠭ ᠤᠨ ︽ᠳᠠᠭᠠᠯᠳᠤᠭᠤᠯᠤᠭᠰᠠᠨ ᠲᠦᠷᠢᠮ︾ ᠳᠤ ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠢᠨᠡᠴᠢᠯᠡᠯᠲᠡ᠂ ᠪᠣᠯᠪᠠᠰᠤᠷᠠᠯ ᠰᠣᠷᠢᠯᠲᠠ᠂ ᠪᠡᠯᠡᠳᠬᠡᠯ ᠲᠥᠰᠦᠯ ᠲᠣᠭᠲᠠᠭᠠᠬᠤ ᠪᠠ ᠬᠡᠷᠡᠭᠵᠢᠭᠦᠯᠬᠦ ᠪᠡᠯᠡᠳᠬᠡᠯ ᠲᠥᠰᠦᠯ ᠢ ᠪᠠᠭᠲᠠᠭᠠᠭᠰᠠᠨ ᠪᠡᠯᠡᠳᠬᠡᠯ ᠲᠥᠰᠦᠯ ᠢ ᠰᠢᠨᠡᠳᠬᠡᠬᠦ ᠱᠠᠭᠠᠷᠳᠠᠯᠭ᠎ᠠ᠂ ᠰᠣᠷᠢᠯᠲᠠ ᠪᠣᠯᠪᠠᠰᠤᠷᠠᠯ ᠤᠨ ᠱᠠᠭᠠᠷᠳᠠᠯᠭ᠎ᠠ ᠵᠢᠴᠢ ᠬᠡᠷᠡᠭᠵᠢᠭᠦᠯᠬᠦ ᠴᠠᠭ ᠢ ᠲᠤᠳᠤᠷᠬᠠᠶᠢᠯᠠᠪᠠ ᠃    ᠳᠥᠷᠪᠡ᠂ ᠰᠢᠨ᠎ᠡ ᠬᠠᠭᠤᠴᠢᠨ ᠪᠡᠯᠡᠳᠬᠡᠯ ᠲᠥᠰᠦᠯ ᠤᠨ ᠢᠵᠢᠯ ᠣᠨᠳᠤᠤ ᠵᠦᠢᠯ2020 ᠣᠨ ᠤ ᠬᠡᠪ ᠤᠨ ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠠᠢ ᠬᠠᠷᠢᠴᠠᠭᠤᠯᠪᠠᠯ᠂ ᠲᠣᠰ ᠤᠳᠠᠭᠠᠨ ᠤ ᠪᠡᠯᠡᠳᠬᠡᠯ ᠲᠥᠰᠦᠯ ᠳᠤ ᠵᠠᠰᠠᠪᠤᠷᠢ ᠣᠷᠤᠭᠤᠯᠬᠤ ᠳᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠠᠵᠢᠯ ᠤᠨ ᠲᠣᠭᠲᠠᠯᠴᠠᠭ᠎ᠠ ᠵᠡᠷᠭᠡ ᠶᠡᠷᠦᠩᠬᠡᠶ ᠪᠣᠷᠣ ᠲᠥᠯᠥᠪ ᠳᠤ ᠲᠣᠬᠢᠷᠠᠭᠤᠯᠤᠯᠲᠠ ᠬᠢᠭᠰᠡᠨ ᠥᠬᠡᠶ᠂ ᠵᠥᠪᠬᠡᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠬᠤᠪᠢᠷᠠᠯᠲᠠ ᠲᠠᠢ ᠤᠶᠠᠯᠳᠤᠭᠤᠯᠤᠨ᠂ ᠬᠡᠰᠡᠭ ᠰᠠᠯᠠᠭ᠎ᠠ ᠮᠥᠴᠢᠷ ᠤᠨ ᠨᠡᠷᠡᠶᠢᠳᠦᠯ ᠵᠢᠴᠢ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠵᠦ᠂ ᠮᠡᠳᠡᠭᠡ ᠵᠠᠩᠭᠢ ᠶᠢᠨ ᠪᠠᠲᠤᠯᠠᠭ᠎ᠠ᠂ ᠮᠡᠳᠡᠭᠡ ᠵᠠᠩᠭᠢ ᠨᠡᠶᠢᠲᠡᠯᠡᠬᠦ ᠵᠢᠴᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠬᠡᠰᠡᠭ ᠠᠭᠤᠯᠭ᠎ᠠ ᠶᠢ ᠨᠠᠷᠢᠯᠢᠬᠵᠢᠭᠤᠯᠪᠠ᠃     ᠲᠠᠶᠢᠯᠤᠮᠵᠢ ᠬᠢᠭᠰᠡᠨ ᠨᠢᠭᠡᠴᠢ᠄ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    ᠲᠠᠶᠢᠯᠤᠮᠵᠢ ᠬᠢᠭᠴᠢ᠄ ᠺᠥᠩ ᠸᠧᠢ ᠵᠢᠦᠢ    ᠬᠠᠷᠢᠯᠴᠠᠬᠤ ᠤᠲᠠᠰᠤ᠄ 0472-6938956 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号