ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠶ ᠰᠡᠳᠦᠪᠲᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/8
    ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠪᠠ᠃    ᠬᠤᠷᠠᠯ ᠳᠡᠭᠡᠷ᠎ᠡ᠂ ᠬᠠᠨ ᠡᠷᠬᠢᠯᠡᠭᠴᠢ ᠲᠣᠰ ᠭᠠᠷᠠᠭ ᠤᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠂ ᠨᠢᠭᠡ ᠳᠤ᠂ ᠰᠤᠯᠠ ᠪᠠᠶᠢᠭ᠎ᠠ ᠡᠳ᠋ ᠬᠥᠷᠥᠩᠭᠡ ᠶᠢ ᠪᠠᠶᠢᠴᠠᠭᠠᠨ ᠵᠢᠭᠰᠠᠭᠠᠬᠤ ᠶᠢ ᠦᠷᠭᠦᠯᠵᠢᠯᠡᠨ ᠥᠷᠨᠢᠭᠦᠯᠵᠦ᠂ ᠳᠤᠭᠤᠶᠢᠯᠠᠩ ᠬᠤᠪᠢᠶᠠᠨ ᠰᠢᠷ᠎ᠠ ᠨᠤᠷ᠎ᠠ᠂ ᠪᠠᠶᠠᠨ᠂ ᠰᠠᠶᠢᠬᠠᠨ ᠭᠤᠷᠪᠠᠨ ᠵᠡᠭᠡᠯᠢ ᠭᠤᠳᠤᠮᠵᠢ ᠶᠢᠨ ᠰᠤᠯᠠ ᠪᠠᠶᠢᠭ᠎ᠠ ᠲᠣᠮᠣ ᠬᠦᠷᠢᠶ᠎ᠡ᠂ ᠦᠢᠯᠡᠳᠪᠦᠷᠢ ᠶᠢᠨ ᠬᠡᠷ᠂ ᠰᠠᠭᠤᠷᠢ ᠬᠤᠳᠠᠯᠳᠤᠭ᠎ᠠ ᠵᠡᠷᠭᠡ ᠪᠠᠶᠢᠳᠠᠯ ᠢ ᠳᠠᠬᠢᠨᠲᠠ ᠡᠮᠬᠢᠯᠡᠨ ᠪᠠᠶᠢᠴᠠᠭᠠᠵᠤ 《 ᠳᠣᠲᠣᠷ᠎ᠠ ᠪᠠᠨ ᠲᠤᠭ᠎ᠠ ᠲᠠᠢ ᠪᠠᠶᠢᠵᠤ᠂ ᠤᠨᠤᠪᠴᠢᠲᠠᠢ ᠪᠠᠷ ᠲᠠᠨᠢᠯᠴᠠᠭᠤᠯᠬᠤ 》 ᠶᠢ ᠪᠡᠶᠡᠯᠡᠭᠦᠯᠵᠦ᠂ ᠠᠵᠤ ᠠᠬᠤᠶᠢᠯᠠᠯ ᠤᠨ ᠮᠠᠨ ᠤ ᠲᠤᠭᠤᠷᠢᠭ ᠲᠤ ᠢᠷᠡᠵᠦ ᠰᠠᠭᠤᠬᠤ ᠳᠤ ᠲᠠᠯᠠᠪᠤᠷ ᠭᠠᠵᠠᠷ ᠤᠨ ᠳᠡᠮᠵᠢᠯᠭᠡ ᠬᠠᠩᠭᠠᠨ᠎ᠠ᠃ ᠬᠤᠶᠠᠷ ᠲᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠠᠰᠤᠭ ᠤᠨ ᠠᠵᠢᠯᠲᠠᠨ ᠨᠢᠭᠡᠪᠦᠷᠢ ᠶᠢ ᠰᠠᠷ᠎ᠠ ᠪᠦᠷᠢ ᠨᠠᠭᠠᠳᠤ ᠵᠠᠬ᠎ᠠ ᠳᠠᠭᠠᠨ 5 ᠬᠠᠷᠠᠯᠲᠠᠲᠤ ᠠᠵᠤ ᠠᠬᠤᠶᠢᠯᠠᠯ ᠲᠠᠢ ᠵᠣᠯᠭᠠᠭᠤᠯᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠠᠵᠢᠯ ᠤᠨ ᠬᠤᠪᠢᠶᠠᠷᠢᠯᠠᠯ ᠶᠣᠰᠣᠭᠠᠷ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠬᠤᠳᠠᠯᠳᠤᠭ᠎ᠠ ᠬᠡᠲᠦ ᠳᠡᠯᠭᠡᠭᠦᠷ ᠪᠠᠭᠤᠳᠠᠯ ᠵᠢᠴᠢ ᠮᠦᠩᠭᠦᠨ ᠭᠦᠢᠯᠭᠡᠭᠡᠨ ᠠᠵᠤ ᠠᠬᠤᠶ ᠵᠡᠷᠭᠡ ᠰᠢᠨ᠎ᠡ ᠪᠠᠷ ᠬᠥᠭᠵᠢᠭᠰᠡᠨ ᠠᠵᠢᠯ ᠲᠥᠷᠥᠯ ᠢ ᠭᠤᠤᠯᠳᠠᠯᠭ᠎ᠠ ᠲᠠᠢ ᠠᠩᠬᠠᠷᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ ᠲᠣᠰ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠦᠷᠭᠦᠯᠵᠢᠯᠡᠨ ᠳᠠᠭᠠᠵᠤ᠂ ᠴᠢ ᠪᠸᠢ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠬᠠᠢ  ᠯᠦ ᠲᠦᠩ ᠳ᠋ᠡ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠬᠤᠶ ᠯᠢᠶᠠᠨ ᠹᠧᠩ ᠲᠣᠰᠣ ᠨᠡᠮᠡᠬᠦ ᠬᠡᠶ ᠨᠡᠮᠡᠬᠦ ᠥᠷᠲᠡᠭᠡ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠠᠵᠤ ᠠᠬᠤᠶᠢᠯᠡᠯ ᠤᠨ ᠳᠤᠷᠠᠳᠤᠭᠰᠠᠨ ᠬᠦᠴᠢᠷᠳᠡᠯ ᠲᠦᠭᠵᠢᠷᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠮᠠᠨ ᠤ ᠲᠤᠭᠤᠷᠢᠭ ᠲᠠᠬᠢ ᠬᠥᠭᠵᠢᠯᠲᠡ ᠳᠤ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠩᠭᠠᠨ᠎ᠠ᠃ ᠳᠥᠷᠪᠡ ᠳᠤ ᠮᠡᠳᠡᠭᠡ ᠵᠠᠩᠭᠢ ᠪᠢᠴᠢᠬᠦ ᠪᠠ ᠮᠡᠳᠡᠭᠦᠯᠦᠨ ᠬᠦᠷᠭᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠵᠢᠯ ᠤᠨ ᠣᠨᠴᠠᠯᠢᠭ ᠤᠨ ᠬᠢᠯᠠᠰ ᠴᠡᠭ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠭᠦᠨᠵᠡᠭᠡᠶ ᠠᠭᠤᠳᠠᠯᠵᠤ᠂ ᠮᠡᠳᠡᠭᠦᠯᠦᠭᠰᠡᠨ ᠮᠡᠳᠡᠭᠡ ᠵᠠᠩᠭᠢ ᠶᠢᠨ ᠴᠠᠭ ᠲᠤᠬᠠᠶᠢᠴᠢ ᠴᠢᠨᠠᠷ᠂ ᠣᠨᠣᠪᠴᠢᠲᠤ ᠴᠢᠨᠠᠷ᠂ ᠴᠠᠭ ᠬᠤᠭᠤᠴᠠᠭᠠᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃    ᠲᠠᠷᠠᠭᠠᠴᠢ ᠪᠠᠷ᠂《 ᠭᠠᠷᠠᠭ ᠤᠨ ᠡᠭᠡᠯᠵᠢᠲᠦ ᠬᠤᠷᠠᠯ 》 ᠤᠨ ᠲᠦᠷᠢᠮ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠨ᠂ ᠨᠢᠭᠡᠳᠦᠯᠲᠡᠶ ᠲᠥᠯᠥᠪᠵᠢᠭᠦᠯᠦᠨ ᠳᠣᠭᠢᠷᠠᠭᠤᠯᠬᠤ ᠶᠢ ᠴᠢᠩᠭᠠᠳᠬᠠᠵᠤ᠂ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠥᠭᠵᠢᠭᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号