《 ᠪᠤᠭᠤᠲᠤ ᠬᠤᠲᠠ ᠶᠢᠨ ᠬᠡᠦᠬᠡᠳ ᠪᠤᠶᠢᠵᠢᠭᠤᠯᠬᠤ ᠨᠥᠬᠦᠪᠥᠷᠢ ᠵᠢᠴᠢ ᠬᠡᠦᠬᠡᠳ ᠰᠠᠭᠠᠲᠠᠭᠤᠯᠬᠤ | ᠪᠠᠶᠢᠭᠤᠯᠤᠮᠵᠢ ᠶᠢᠨ ᠡᠵᠡᠩᠨᠡᠯᠲᠡ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ | ( ᠲᠤᠷᠰᠢᠨ ᠬᠡᠷᠡᠭᠵᠢᠭᠦᠯᠬᠦ ) 》 ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠶᠠᠷᠬᠤᠳᠳᠤᠭ ᠪᠠᠯᠭᠠᠰᠤᠨ ᠤ ᠨᠠᠮ ᠤᠨ ᠬᠤᠷᠢᠶᠠᠨ ᠤ ᠵᠠᠰᠠᠭ ᠤᠨ | ᠣᠷᠳᠣᠨ ᠳᠡᠭᠡᠰᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ | ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠨ᠂ ᠬᠤᠶᠠᠷ ᠬᠡᠦᠬᠡᠳ ᠠᠪᠬᠤ᠂ ᠭᠤᠷᠪᠠᠨ ᠬᠡᠦᠬᠡᠳ | ᠠᠪᠬᠤ ᠬᠡᠷ ᠪᠦᠯᠢ ᠶᠢᠨ ᠬᠡᠦᠬᠡᠳ ᠪᠤᠶᠢᠵᠢᠭᠤᠯᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ᠂ ᠬᠠᠷᠠᠯᠲᠠᠲᠤ ᠬᠥᠮᠦᠰ ᠢ ᠪᠦᠷᠢᠳᠬᠡᠨ ᠳᠠᠩᠰᠠᠯᠠᠬᠤ᠂ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ | ᠬᠢᠨᠠᠨ ᠬᠠᠷᠭᠤᠭᠤᠯᠬᠤ ᠵᠡᠷᠭᠡ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠡᠦᠬᠡᠳ ᠪᠤᠶᠢᠵᠢᠭᠤᠯᠬᠤ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠂ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ | ᠦᠷᠡᠵᠢᠯ ᠳᠤ ᠨᠥᠬᠦᠷᠰᠡᠭ ᠬᠡᠯᠪᠡᠷᠢ ᠶᠢᠨ ᠨᠡᠶᠢᠭᠡᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | ᠪᠠᠶᠢᠳᠠᠯ ᠢ ᠤᠶᠢᠯᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ | ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ᠂ ᠤᠷᠢᠳᠴᠢᠯᠠᠨ ᠪᠠᠶᠢᠷᠢᠯᠠᠭᠤᠯᠬᠤ ᠶᠢ ᠪᠠᠷᠢᠮᠲᠠᠯᠠᠵᠤ᠂ ᠡᠯ᠎ᠡ | ᠲᠣᠰᠬᠤᠨ ᠤ ᠲᠥᠯᠥᠪᠯᠡᠭᠡᠲᠦ ᠦᠷᠡᠵᠢᠯ ᠤᠨ ᠲᠤᠰᠠᠯᠠᠭᠴᠢ ᠶᠢ ᠵᠣᠬᠢᠶᠠᠨ ᠪᠠᠶᠢᠭᠤᠯᠵᠤ ᠪᠤᠭᠤᠲᠤ ᠬᠤᠲᠠ ᠶᠢᠨ ᠬᠡᠷ | ᠪᠦᠯᠢ ᠶᠢᠨ ᠬᠥᠮᠦᠨ ᠠᠮᠠ ᠶᠢᠨ ᠲᠤᠭ᠎ᠠ ᠪᠠᠷᠢᠮᠲᠠ ᠶᠢ ᠶᠡᠷᠦᠩᠬᠡᠶᠢᠯᠡᠨ ᠪᠦᠷᠢᠳᠬᠡᠨ ᠵᠠᠳᠠᠯᠬᠤ ᠰᠢᠰᠲ᠋ᠧᠮ ᠳᠤ | ᠲᠦᠰᠢᠭᠯᠡᠨ᠂ 2024 ᠣᠨ ᠤ 1 ᠰᠠᠷ᠎ᠠ ᠶᠢᠨ 1 ᠤ ᠡᠳᠦᠷ ᠠᠴᠠ ᠨᠠᠰᠢ ᠰᠢᠨ᠎ᠡ ᠪᠠᠷ ᠬᠤᠶᠠᠷ ᠬᠡᠦᠬᠡᠳ ᠠᠪᠴᠤ | ᠪᠣᠯᠬᠤ᠂ ᠭᠤᠷᠪᠠᠨ ᠬᠡᠦᠬᠡᠳ ᠠᠪᠴᠤ ᠪᠣᠯᠬᠤ ᠬᠡᠷ ᠪᠦᠯᠢ ᠳᠤ ᠨᠠᠷᠢᠨ ᠣᠨᠣᠪᠴᠢᠲᠠᠶ ᠪᠠᠶᠢᠴᠠᠭᠠᠯᠲᠠ ᠬᠢᠨ᠎ᠠ᠃ | ᠨᠢᠭᠡ ᠳᠤ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠬᠠᠷᠢᠶᠠᠲᠤ ᠣᠷᠣᠨ ᠤ ᠰᠢᠨ᠎ᠡ ᠪᠠᠷ | ᠨᠡᠮᠡᠭᠳᠡᠭᠰᠡᠨ ᠦᠷᠡᠵᠢᠯ ᠤᠨ ᠬᠡᠷ ᠪᠦᠯᠢ ᠶᠢᠨ ᠰᠠᠭᠤᠷᠢ ᠮᠡᠳᠡᠭᠡ ᠵᠠᠩᠭᠢ ᠶᠢ ᠪᠥᠬᠦ ᠲᠠᠯ᠎ᠠ ᠪᠠᠷ ᠡᠵᠡᠮᠰᠢᠨ᠎ᠡ︔ | ᠬᠤᠶᠠᠷ ᠲᠤ᠂ ᠣᠨ ᠤ ᠬᠡᠦᠬᠡᠳ ᠪᠤᠶᠢᠵᠢᠭᠤᠯᠬᠤ ᠨᠥᠬᠦᠪᠥᠷᠢ ᠶᠢ ᠭᠤᠶᠤᠴᠢᠯᠠᠨ ᠮᠡᠳᠡᠭᠦᠯᠬᠦ ᠨᠡᠷᠡᠰ ᠤᠨ ᠳᠡᠪᠲᠡᠷ ᠤᠨ | ᠡᠬᠡ ᠲᠠᠩᠰᠠ ᠶᠢ ᠵᠢᠷᠤᠮᠵᠢᠭᠤᠯᠤᠨ ᠪᠠᠶᠢᠭᠤᠯᠵᠤ᠂《 ᠨᠢᠭᠡ ᠡᠷᠦᠬᠡ ᠳᠤ ᠨᠢᠭᠡ ᠲᠠᠩᠰᠠ ᠡᠪᠬᠡᠮᠡᠯ ᠲᠠᠢ ᠪᠠᠶᠢᠯᠭᠠᠵᠤ᠂ | ᠱᠠᠲᠤ ᠳᠠᠷᠠᠭᠠᠯᠠᠨ ᠬᠢᠨᠠᠨ ᠬᠠᠷᠭᠤᠭᠤᠯᠬᠤ 》ᠲᠦᠷᠢᠮ ᠢ ᠴᠢᠩᠭ᠎ᠠ ᠬᠡᠷᠡᠭᠵᠢᠭᠦᠯᠵᠦ᠂ ᠲᠤᠰᠢᠶᠠᠪᠠᠰᠤ ᠵᠣᠬᠢᠬᠤ ᠶᠢ ᠨᠢ | ᠣᠷᠣᠭᠤᠯᠤᠨ᠂ ᠡᠳ᠋ᠯᠡᠪᠡᠰᠦ ᠵᠣᠬᠢᠬᠤ ᠶᠢ ᠨᠢ ᠴᠥᠮ ᠭᠥᠷᠳᠡᠬᠦ ᠶᠢ ᠦᠨᠡᠨ ᠬᠦ ᠪᠠᠲᠤᠯᠠᠵᠤ᠂ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠪᠠᠲᠤ ᠪᠠᠬᠢ | ᠰᠠᠭᠤᠷᠢ ᠲᠠᠯᠪᠢᠨ᠎ᠠ᠃ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ | ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ ᠲᠥᠯᠥᠪᠯᠡᠭᠡᠲᠦ ᠦᠷᠡᠵᠢᠯ ᠤᠨ ᠲᠤᠰᠠᠯᠠᠭᠴᠢ ᠳᠤ ᠬᠡᠦᠬᠡᠳ | ᠪᠤᠶᠢᠵᠢᠭᠤᠯᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠲᠠᠶᠢᠯᠪᠤᠷᠢᠯᠠᠵᠤ᠂ | ᠬᠡᠦᠬᠡᠳ ᠪᠤᠶᠢᠵᠢᠭᠤᠯᠬᠤ ᠨᠥᠬᠦᠪᠥᠷᠢ ᠶᠢᠨ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠪᠠ ᠠᠩᠬᠠᠷᠬᠤ | ᠵᠦᠢᠯᠡᠰ ᠢ ᠲᠣᠳᠣᠷᠬᠠᠶᠢᠯᠠᠨ᠎ᠠ᠃ ᠪᠠᠯᠭᠠᠰᠤᠨ ᠤ ᠠᠯᠪᠠᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠡᠯ᠎ᠡ | ᠲᠣᠰᠬᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠸᠢᠴᠠᠲ ᠵᠡᠷᠭᠡ ᠰᠦᠯᠵᠢᠶᠡᠨ ᠳᠡᠭᠡᠷᠡᠬᠢ | ᠲᠠᠪᠴᠠᠩ ᠳᠤ ᠲᠦᠰᠢᠭᠯᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠥᠷᠨᠢᠭᠦᠯᠵᠦ᠂ ᠰᠦᠯᠵᠢᠶᠡᠨ ᠭᠠᠳᠠᠨ᠎ᠠ | ᠪᠠᠯᠭᠠᠰᠤ ᠲᠣᠰᠬᠤᠨ ᠤ ᠺᠠᠳ᠋ᠷ ᠡᠷᠦᠬᠡ ᠳᠤ ᠬᠦᠷᠴᠦ ᠰᠤᠷᠪᠤᠯᠵᠢᠯᠠᠬᠤ᠂ ᠨᠢᠭᠤᠷᠳᠠᠨ ᠤᠬᠠᠭᠤᠯᠬᠤ᠂ ᠳ᠋ᠢᠶᠠᠩᠬᠤᠸᠠ | ᠸᠢᠴᠠᠲ ᠵᠡᠷᠭᠡ ᠠᠷᠭ᠎ᠠ ᠬᠡᠯᠪᠡᠷᠢ ᠪᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ | ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ | ᠨᠠᠷᠢᠯᠢᠭ ᠤᠨᠤᠪᠴᠢᠲᠠᠢ ᠦᠢᠯᠡᠴᠢᠯᠡᠭᠡ ᠶᠢ ᠴᠢᠩᠭᠠᠳᠬᠠᠨ᠎ᠠ᠃ ᠪᠠᠯᠭᠠᠰᠤ ᠲᠣᠰᠬᠤᠨ ᠨᠢ ᠲᠤᠰᠬᠠᠶ ᠬᠥᠮᠦᠨ | ᠲᠣᠭᠲᠠᠭᠠᠵᠤ ᠬᠡᠦᠬᠡᠳ ᠪᠤᠶᠢᠵᠢᠭᠤᠯᠬᠤ ᠨᠥᠬᠦᠪᠥᠷᠢ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠭᠤᠯᠵᠤ᠂ | ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠵᠤ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ | ᠡᠲᠡᠭᠡᠳ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠱᠠᠭᠠᠷᠳᠠᠯᠭ᠎ᠠ ᠶᠣᠰᠣᠭᠠᠷ ᠵᠢᠷᠤᠮᠵᠢᠯ ᠲᠠᠢ ᠪᠠᠷ ᠭᠤᠶᠤᠴᠢᠯᠠᠨ | ᠮᠡᠳᠡᠭᠦᠯᠬᠦ ᠶᠢ ᠨᠢ ᠵᠢᠯᠣᠭᠤᠳᠴᠤ᠂ ᠬᠠᠷᠢᠶ᠎ᠠ ᠣᠷᠣᠨ ᠤ ᠣᠯᠠᠨ ᠲᠦᠮᠡᠨ ᠳᠤ ᠴᠢᠨᠠᠷ ᠰᠠᠶᠢᠲᠠᠶ ᠲᠥᠬᠦᠮ ᠦᠢᠯᠡᠴᠢᠯᠡᠭᠡ | ᠬᠠᠩᠭᠠᠬᠤ ᠪᠠᠷ ᠴᠢᠷᠮᠠᠶᠢᠨ᠎ᠠ᠃ ᠪᠠᠯᠭᠠᠰᠤ ᠲᠣᠰᠬᠤᠨ ᠬᠤᠶᠠᠷ ᠱᠠᠲᠤᠨ ᠤ ᠴᠢᠩᠭ᠎ᠠ ᠬᠢᠨᠠᠨ ᠪᠠᠶᠢᠴᠠᠭᠠᠯᠲᠠ᠂ ᠨᠠᠷᠢᠨ | ᠬᠢᠨᠠᠮᠠᠭᠠᠢ ᠬᠢᠨᠠᠯᠲᠠ ᠪᠠᠷ ᠳᠠᠮᠵᠢᠨ᠂ ᠴᠠᠭ ᠲᠤᠬᠠᠢ ᠳᠤᠨᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠳᠤ ᠮᠡᠳᠡᠭᠦᠯᠵᠦ᠂ ᠬᠡᠦᠬᠡᠳ ᠬᠥᠮᠦᠵᠢᠭᠦᠯᠬᠦ ᠨᠥᠬᠦᠪᠥᠷᠢ ᠳᠤ ᠨᠡᠶᠢᠴᠡᠭᠰᠡᠨ ᠭᠤᠶᠤᠴᠢᠯᠠᠨ ᠮᠡᠳᠡᠭᠦᠯᠦᠭᠰᠡᠳ ᠢ | ᠪᠦᠬᠦᠨ ᠢ ᠡᠳ᠋ᠯᠡᠬᠦ ᠶᠢ ᠪᠠᠲᠤᠯᠠᠨ᠎ᠠ᠃ ᠤᠳᠤ ᠪᠣᠯᠲᠠᠯ᠎ᠠ᠂ ᠬᠤᠶᠠᠷ ᠬᠡᠦᠬᠡᠳ ᠠᠪᠬᠤ ᠨᠥᠬᠦᠪᠥᠷᠢ ᠠᠪᠬᠤ ᠪᠠᠷ | ᠮᠡᠳᠡᠭᠦᠯᠦᠭᠰᠡᠨ ᠬᠡᠷ ᠪᠦᠯᠢ 46 ᠡᠷᠦᠬᠡ᠂ ᠭᠤᠷᠪᠠᠨ ᠬᠡᠦᠬᠡᠳ ᠠᠪᠴᠤ ᠪᠣᠯᠬᠤ ᠬᠡᠷ ᠪᠦᠯᠢ 3 ᠡᠷᠦᠬᠡ ᠪᠠᠶᠢᠨ᠎ᠠ᠃ | ᠲᠠᠷᠠᠭᠠᠴᠢ ᠪᠠᠷ᠂ ᠮᠠᠨ ᠤ ᠪᠠᠯᠭᠠᠰᠤ ᠬᠡᠦᠬᠡᠳ ᠪᠤᠶᠢᠵᠢᠭᠤᠯᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠪᠠ ᠭᠤᠶᠤᠴᠢᠯᠠᠨ ᠮᠡᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠦᠷᠡᠵᠢᠯ ᠤᠨ | ᠨᠥᠬᠦᠪᠥᠷᠢ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ | ᠬᠤᠶᠠᠷ ᠬᠡᠦᠬᠡᠳ᠂ ᠭᠤᠷᠪᠠᠨ ᠬᠡᠦᠬᠡᠳ ᠲᠠᠢ ᠬᠡᠷ ᠪᠦᠯᠢ ᠶᠢ ᠬᠠᠪᠰᠤᠷᠤᠨ ᠬᠡᠦᠬᠡᠳ ᠪᠤᠶᠢᠵᠢᠭᠤᠯᠬᠤ ᠠᠵᠤ | ᠠᠬᠤᠶ ᠶᠢᠨ ᠳᠠᠷᠤᠯᠲᠠ ᠶᠢ ᠬᠥᠩᠭᠡᠷᠡᠭᠦᠯᠦᠨ᠎ᠡ᠃ | | | | | | |