ᠪᠤᠭᠤᠲᠤ ᠬᠤᠲᠠ ᠶᠢᠨ ᠦᠢᠯᠡᠳᠬᠦ ᠦᠢᠯᠡᠰ ᠤᠨ ᠴᠢᠳᠠᠪᠤᠷᠢ ᠶᠢ ᠭᠦᠨᠵᠡᠭᠡᠶ ᠣᠯᠭᠤᠵᠤ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠠᠶᠠᠨ ᠳᠤ ᠣᠷᠣᠬᠤ ᠶᠢᠨ ᠲᠥᠯᠥᠭᠡ᠂ ᠬᠠᠷᠢᠶ᠎ᠠ ᠣᠷᠣᠨ ᠤ ᠳᠣᠲᠣᠷᠠᠬᠢ ᠦᠢᠯᠡᠳᠬᠦ | ᠦᠢᠯᠡᠰ ᠤᠨ ᠪᠦᠯᠦᠭᠵᠢᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠶᠢᠳᠠᠯ ᠢ ᠪᠥᠬᠦ ᠲᠠᠯ᠎ᠠ ᠪᠠᠷ | ᠨᠡᠪᠲᠡ ᠣᠶᠢᠯᠠᠭᠠᠵᠤ᠂ ᠦᠢᠯᠡᠳᠬᠦ ᠦᠢᠯᠡᠰ ᠤᠨ ᠰᠢᠨ᠎ᠡ ᠬᠡᠯᠪᠡᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ | ᠬᠤᠲᠠ ᠶᠢᠨ ᠲᠤᠷᠰᠢᠯᠲᠠ ᠶᠢᠨ ᠴᠢᠭ ᠤᠨ ᠲᠡᠷᠢᠭᠦᠨ ᠲᠣᠬᠢᠶᠠᠯ ᠢ ᠢᠳᠡᠪᠬᠢᠲᠡᠶ ᠡᠵᠡᠯᠡᠨ᠂ ᠲᠣᠭᠠᠴᠢᠯᠠᠭᠰᠠᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢ ᠪᠥᠬᠦ | ᠬᠦᠴᠦᠨ ᠢᠶᠠᠷ ᠢᠶᠠᠨ ᠲᠡᠮᠡᠴᠡᠨ ᠣᠯᠤᠨ᠎ᠠ᠃ ᠣᠶᠢᠷ᠎ᠠ ᠳᠤ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠬᠤᠲᠠ ᠶᠢᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠢᠭᠡᠳᠦᠯᠲᠡᠶ ᠲᠥᠯᠥᠪᠵᠢᠭᠦᠯᠭᠡ | ᠪᠠᠶᠢᠷᠢᠯᠠᠭᠤᠯᠤᠯᠲᠠ ᠳᠤᠤᠷ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠨ ᠵᠠᠰᠠᠭ ᠤᠨ | ᠣᠷᠳᠣᠨ ᠤ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠶᠢ ᠦᠨᠡᠯᠡᠨ ᠵᠢᠱᠢᠬᠦ ᠠᠵᠢᠯ ᠢ ᠢᠳᠡᠪᠬᠢᠲᠡᠶ ᠳᠥᠯᠭᠢᠨ ᠠᠬᠢᠭᠤᠯᠪᠠ᠃ | | | | ᠲᠣᠰ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ | ᠠᠷᠭ᠎ᠠ ᠵᠠᠮ ᠢᠶᠠᠷ ᠬᠦᠴᠦᠯᠡᠨ᠂ ᠠᠵᠤ ᠠᠬᠤᠶᠢᠯᠡᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ | ᠸᠢᠴᠠᠲ ᠤᠨ ᠲᠠᠪᠴᠠᠩ ᠢ ᠠᠰᠢᠭᠯᠠᠨ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠡᠯ ᠳᠤ ᠲᠣᠰ | ᠤᠳᠠᠭᠠᠨ ᠤ ᠦᠨᠡᠯᠡᠨ ᠵᠢᠱᠢᠬᠦ ᠠᠵᠢᠯ ᠤᠨ ᠠᠵᠤ ᠠᠬᠤᠶᠢᠯᠡᠯ ᠤᠨ ᠠᠯᠤᠰ ᠬᠡᠲᠦ ᠶᠢᠨ ᠬᠥᠭᠵᠢᠯᠲᠡ ᠵᠢᠴᠢ ᠣᠷᠣᠨ | ᠪᠦᠰᠡ ᠶᠢᠨ ᠠᠵᠤ ᠦᠢᠯᠡᠰ ᠤᠨ ᠲᠠᠰ ᠳᠡᠪᠰᠢᠬᠦ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠪᠥᠬᠦ | ᠲᠠᠯ᠎ᠠ ᠪᠠᠷ ᠲᠣᠳᠣᠷᠬᠠᠶᠢᠯᠠᠨ ᠲᠠᠶᠢᠯᠪᠤᠷᠢᠯᠠᠪᠠ᠃ ᠡᠭᠦᠨ ᠤ ᠬᠠᠮᠲᠤ᠂ ᠠᠵᠤ ᠠᠬᠤᠶᠢᠯᠡᠯ ᠤᠨ ᠥᠪᠡᠷ ᠢ ᠪᠠᠨ | ᠦᠨᠡᠯᠡᠬᠦ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠭᠤᠷᠢᠭ ᠤᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠤᠰᠬᠠᠶ ᠬᠥᠮᠦᠨ | ᠳᠣᠭᠢᠷᠠᠭᠤᠯᠤᠨ《ᠨᠢᠭᠡ ᠨᠢᠭᠡᠨ ᠳᠤᠨᠢ》《ᠪᠡᠶ᠎ᠡ ᠪᠠᠷ ᠢᠶᠠᠨ》ᠠᠵᠤ ᠠᠬᠤᠶᠢᠯᠡᠯ ᠢ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ | ᠦᠢᠯᠡᠴᠢᠯᠡᠭᠡᠨ ᠤ ᠲᠠᠪᠴᠠᠩ ᠤᠨ ᠠᠵᠢᠯᠯᠠᠬᠤ ᠴᠤᠪᠤᠷᠠᠯ ᠢ ᠰᠠᠶᠢᠲᠤᠷ ᠤᠶᠢᠯᠭᠠᠭᠤᠯᠪᠠ᠃ ᠲᠠᠩᠰᠠᠨ ᠨᠣᠮᠧᠷ | ᠳᠠᠩᠰᠠᠯᠠᠭᠤᠯᠬᠤ ᠠᠴᠠ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠬᠦᠷᠲᠡᠯ᠎ᠡ᠂ ᠰᠢᠰᠲ᠋ᠧᠮ ᠤᠨ ᠴᠢᠳᠠᠮᠵᠢ ᠶᠢ | ᠲᠠᠨᠢᠯᠴᠠᠭᠤᠯᠬᠤ ᠠᠴᠠ ᠲᠦᠪᠡᠭᠲᠡᠶ ᠠᠰᠠᠭᠤᠳᠠᠯ ᠢ ᠲᠠᠶᠢᠯᠪᠤᠷᠢᠯᠠᠬᠤ ᠬᠦᠷᠲᠡᠯ᠎ᠡ᠂ ᠠᠵᠤ ᠠᠬᠤᠶᠢᠯᠡᠯ ᠳᠤ《ᠠᠰᠠᠷᠠᠭᠴᠢ | ᠮᠠᠶ᠋ᠢᠭ》 ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠡᠯ ᠤᠨ ᠬᠤᠶᠢᠰᠢᠳᠠ ᠶᠢᠨ ᠵᠣᠪᠠᠨᠢᠯ ᠢ ᠠᠷᠢᠯᠭᠠᠨ᠂ | ᠥᠪᠡᠷ ᠢ ᠪᠠᠨ ᠦᠨᠡᠯᠡᠬᠦ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ | ᠣᠲᠣ ᠪᠣᠯᠲᠠᠯ᠎ᠠ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠡᠩᠭᠢᠵᠢᠯᠲᠡ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠤᠪᠴᠢᠶ᠎ᠠ ᠨᠢᠭᠡᠨᠲᠡ 5 ᠠᠵᠤ ᠠᠬᠤᠶᠢᠯᠡᠯ ᠤᠨ 14 ᠲᠥᠷᠥᠯ ᠵᠦᠢᠯ ᠢ ᠵᠣᠬᠢᠶᠠᠨ ᠪᠠᠶᠢᠭᠤᠯᠵᠤ | ᠳᠠᠩᠰᠠᠯᠠᠭᠤᠯᠤᠭᠰᠠᠨ ᠪᠥᠭᠡᠳ ᠰᠦᠯᠵᠢᠶᠡᠨ ᠳᠡᠭᠡᠷ᠎ᠡ ᠥᠪᠡᠰᠦᠪᠡᠨ ᠦᠨᠡᠯᠡᠭᠰᠡᠨ ᠪᠠᠶᠢᠨ᠎ᠠ᠃ ᠡᠨᠡ 5 ᠠᠵᠤ | ᠠᠬᠤᠶᠢᠯᠡᠯ ᠨᠢ ᠬᠤᠪᠣᠷ ᠰᠢᠷᠣᠶ᠂ ᠲᠠᠯᠠᠰᠲᠤ ᠴᠠᠬᠢᠭᠤᠷ᠂ ᠲᠡᠮᠦᠷᠯᠢᠭ ᠬᠠᠶᠢᠯᠤᠭᠤᠯᠬᠤ᠂ ᠲᠣᠨᠤᠭ ᠲᠥᠬᠦᠭᠡᠷᠦᠮᠵᠢ | ᠵᠡᠷᠭᠡ ᠮᠠᠨ ᠤ ᠲᠤᠭᠤᠷᠢᠭ ᠤᠨ ᠦᠢᠯᠡᠳᠬᠦ ᠦᠢᠯᠡᠰ ᠤᠨ ᠭᠤᠤᠯᠳᠠᠯᠭ᠎ᠠ ᠲᠠᠢ ᠬᠦᠷᠢᠶ᠎ᠡ ᠶᠢ ᠭᠦᠨ ᠬᠠᠮᠤᠷᠴᠤ᠂ 14 | ᠲᠥᠷᠥᠯ ᠵᠦᠢᠯ ᠨᠢ ᠮᠡᠷᠭᠡᠵᠢᠯ ᠤᠨ ᠥᠭᠡᠷᠡᠴᠢᠯᠡᠯᠲᠡ᠂ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ᠂ | ᠦᠢᠯᠡᠳᠬᠦᠨ ᠤ ᠰᠢᠨ᠎ᠡ ᠶᠢ ᠡᠭᠦᠳᠬᠦ ᠵᠡᠷᠭᠡ ᠣᠯᠠᠨ ᠲᠠᠯ᠎ᠠ ᠳᠤ ᠬᠤᠯᠪᠣᠭᠳᠠᠵᠠᠶ᠃ ᠲᠣᠰ ᠤᠳᠠᠭ᠎ᠠ ᠶᠢᠨ ᠦᠢᠯᠡᠳᠬᠦ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠨᠡᠯᠡᠨ ᠵᠢᠱᠢᠬᠦ ᠠᠵᠢᠯ ᠡᠮᠬᠢ ᠵᠢᠷᠤᠮ ᠲᠠᠢ | ᠠᠬᠢᠭᠤᠯᠤᠭᠳᠠᠭᠰᠠᠨ ᠨᠢ ᠪᠤᠭᠤᠲᠤ ᠬᠤᠲᠠ ᠶᠢᠨ ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠨᠠᠷᠢᠨ ᠣᠨᠣᠪᠴᠢᠲᠠᠶ ᠲᠣᠭᠲᠠᠭᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠭᠰᠠᠨ ᠢᠶᠠᠷ ᠪᠠᠷᠠᠬᠤ ᠥᠬᠡᠶ | ᠪᠠᠰᠠ ᠠᠵᠤ ᠠᠬᠤᠶᠢᠯᠡᠯ ᠤᠨ ᠲᠣᠰ ᠪᠡᠶ᠎ᠡ ᠶᠢᠨ ᠬᠥᠭᠵᠢᠯᠲᠡ ᠶᠢᠨ ᠳᠤᠲᠠᠭᠤᠳᠠᠯ ᠢᠶᠠᠨ ᠲᠣᠳᠣᠷᠬᠠᠶᠢᠯᠠᠵᠤ᠂ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠴᠢᠭᠯᠡᠯ ᠢ ᠣᠨᠣᠪᠴᠢᠲᠠᠶ ᠤᠯᠬᠤ ᠳᠤ ᠠᠵᠠ ᠲᠣᠬᠢᠶᠠᠯ | ᠬᠠᠩᠭᠠᠭᠰᠠᠨ ᠪᠠᠶᠢᠨ᠎ᠠ᠃ | | | | | | |