ᠲᠤᠬᠠᠶᠢᠯᠠᠭᠰᠠᠨ ᠠᠵᠢᠯ ᠤᠨ ᠬᠢᠨᠠᠨ ᠵᠢᠯᠣᠭᠤᠳᠣᠯᠭ᠎ᠠ ᠪᠠᠨ ᠴᠢᠩᠭᠠᠳᠬᠠᠵᠤ᠂ ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠨ᠎ᠡ
ᠨᠡᠶᠢᠲᠡᠯᠡᠭᠰᠡᠨ ᠴᠠᠭ᠄
2025/4/9
    ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠰᠢ ᠰᠦᠷᠡᠯ᠂ ᠬᠤᠭ ᠨᠣᠪᠰᠢ᠂ ᠨᠠᠪᠴᠢ ᠵᠤᠯᠭᠠᠷᠠᠬᠤ ᠶᠢ ᠪᠦᠲᠦᠮᠵᠢᠲᠡᠶ ᠪᠠᠷ ᠬᠤᠷᠢᠭᠯᠠᠬᠤ ᠶᠢᠨ ᠲᠥᠯᠥᠭᠡ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ᠂ ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠵᠦ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠣᠷᠴᠢᠨ ᠠᠬᠤᠶ ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃
11.jpg
    ᠣᠶᠢᠷ᠎ᠠ ᠳᠤ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ《 ᠵᠢᠦ ᠶᠤᠸᠠᠨ ᠲᠣᠭᠤᠷᠢᠭ ᠤᠨ ᠭᠤᠤᠯᠳᠠᠯᠭ᠎ᠠ ᠲᠠᠢ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠰᠢᠪᠲᠤᠯᠤᠯᠲᠠ ᠶᠢᠨ ᠲᠤᠰᠬᠠᠶ ᠠᠵᠢᠯᠯᠠᠭ᠎ᠠ ᠶᠢᠨ ᠲᠥᠰᠦᠯ 》 ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢᠨ ᠲᠠᠰᠤᠭ ᠤᠨ ᠬᠠᠮᠢᠶ᠎ᠠ ᠪᠥᠬᠦᠶ ᠬᠥᠮᠦᠰ ᠠᠭᠠᠷᠤᠳᠠᠢ ᠰᠤᠮᠤ᠂ ᠬᠤᠷᠢᠨᠭᠡᠷ ᠪᠠᠯᠭᠠᠰᠤ᠂ ᠬᠤᠶᠠᠷᠬᠤᠳᠳᠤᠭ ᠪᠠᠯᠭᠠᠰᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠲᠤᠬᠠᠶᠢᠯᠠᠭᠰᠠᠨ ᠠᠵᠢᠯ ᠤᠨ ᠬᠢᠨᠠᠨ ᠵᠢᠯᠣᠭᠤᠳᠣᠯᠭ᠎ᠠ ᠥᠷᠨᠢᠭᠦᠯᠪᠡ᠃《 ᠳᠠᠩᠰᠠ ᠡᠪᠬᠡᠮᠡᠯ ᠢ ᠪᠠᠶᠢᠴᠠᠭᠠᠬᠤ ᠮᠠᠲ᠋ᠧᠷᠢᠶᠠᠯ + ᠶᠠᠷᠢᠯᠴᠠᠨ ᠰᠣᠯᠢᠯᠴᠠᠬᠤ 》ᠵᠠᠭᠪᠤᠷ ᠢᠶᠠᠷ ᠳᠠᠮᠵᠢᠭᠤᠯᠤᠨ᠂ ᠪᠠᠶᠢᠴᠠᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠭᠠᠵᠠᠷ ᠣᠷᠣᠨ ᠢ ᠵᠣᠬᠢᠴᠠᠭᠤᠯᠤᠨ ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ ᠢ ᠨᠠᠷᠢᠯᠢᠭᠵᠢᠭᠤᠯᠬᠤ ᠶᠢᠨ ᠬᠠᠮᠲᠤ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠡᠰᠢ ᠰᠦᠷᠡᠯ᠂ ᠬᠤᠭ ᠨᠣᠪᠰᠢ᠂ ᠨᠠᠪᠴᠢ ᠶᠢ ᠵᠠᠳᠠᠭᠠᠶ ᠰᠢᠲᠠᠭᠠᠬᠤ ᠶᠢ ᠤᠬᠠᠭᠤᠯᠤᠨ ᠵᠢᠯᠣᠭᠤᠳᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠮᠦᠨ ᠲᠣᠭᠲᠠᠭᠠᠨ ᠠᠵᠢᠯ ᠤᠨ ᠪᠠᠶᠢᠷᠢ ᠶᠢ ᠲᠣᠭᠲᠠᠭᠠᠬᠤ《 ᠲᠤᠤᠷᠴᠢᠯᠠᠭᠰᠠᠨ 》ᠬᠠᠮᠢᠶᠠᠷᠤᠯᠲᠠ ᠶᠢ ᠨᠠᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠂ ᠴᠠᠭ ᠲᠤᠬᠠᠶ ᠳᠤᠨᠢ ᠠᠰᠠᠭᠤᠳᠠᠯ ᠢ ᠢᠯᠡᠷᠡᠭᠦᠯᠵᠦ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃    ᠲᠠᠷᠠᠭᠠᠴᠢ ᠪᠠᠷ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠦᠷᠭᠦᠯᠵᠢᠯᠡᠨ ᠳᠠᠯᠠᠨ ᠪᠤᠯᠠᠭ ᠪᠠᠯᠭᠠᠰᠤ᠂ ᠰᠠᠷᠠᠭᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠠᠵᠠᠷ ᠣᠷᠣᠨ ᠤ ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠬᠦ ᠠᠵᠢᠯ ᠢ ᠬᠢᠨᠠᠨ ᠵᠢᠯᠣᠭᠤᠳᠴᠤ᠂ ᠬᠠᠮᠢᠶᠠᠷᠤᠨ ᠡᠵᠡᠮᠳᠡᠬᠦ ᠲᠥᠰᠦᠯ ᠢᠶᠠᠨ ᠨᠠᠷᠢᠯᠢᠭᠵᠢᠭᠤᠯᠤᠨ᠂ ᠭᠤᠤᠯᠳᠠᠯᠭ᠎ᠠ ᠲᠠᠢ ᠵᠣᠬᠢᠴᠠᠭᠤᠯᠬᠤ ᠭᠠᠵᠠᠷ ᠣᠷᠣᠨ ᠨᠢ ᠲᠠᠷᠢᠶᠠᠨ ᠭᠠᠵᠠᠷ ᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠤᠳᠠᠭ᠎ᠠ ᠪᠠᠨ ᠨᠡᠮᠡᠭᠳᠡᠭᠦᠯᠵᠦ᠂ ᠡᠰᠢ ᠰᠦᠷᠡᠯ ᠢ ᠵᠠᠳᠠᠭᠠᠶ ᠰᠢᠲᠠᠭᠠᠭᠰᠠᠨ ᠠᠴᠠ ᠪᠣᠯᠤᠭᠰᠠᠨ ᠭᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠬᠤᠷᠢᠭᠯᠠᠨ ᠵᠣᠭᠰᠣᠭᠠᠨ᠎ᠠ᠃ ᠡᠭᠦᠨ ᠤ ᠬᠠᠮᠲᠤ᠂ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠳᠬᠡᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠦᠨᠡᠨᠬᠦ ᠪᠠᠲᠤᠯᠠᠵᠤ᠂《 ᠠᠮᠤᠷ ᠲᠦᠪᠰᠢᠨ ᠤ ᠪᠠᠲᠤᠯᠠᠭ᠎ᠠ ᠶᠢᠨ ᠰᠢᠲᠠᠷ᠎ᠠ 》 ᠶᠢ ᠰᠠᠶᠢᠲᠤᠷ ᠲᠠᠯᠪᠢᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号