︽ᠵᠢᠦ ᠶᠤᠸᠠᠨ ᠲᠣᠭᠤᠷᠢᠭ ᠤᠨ ᠭᠤᠷᠪᠠᠨ ᠨᠠᠭᠤᠷ ᠭᠤᠤᠯ ᠤᠨ ᠤᠰᠤᠯᠠᠯᠲᠠ ᠶᠢᠨ ᠣᠷᠣᠨ ᠤ ᠤᠰᠤᠨ ᠤ | ᠰᠦᠢᠳᠬᠡᠯ ᠬᠤᠷᠢᠶᠠᠬᠤ ᠵᠢᠴᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ | ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠣᠶᠢᠷ᠎ᠠ ᠳᠤ ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ︽ | ᠵᠢᠦ ᠶᠤᠸᠠᠨ ᠲᠣᠭᠤᠷᠢᠭ ᠤᠨ ᠭᠤᠷᠪᠠᠨ ᠨᠠᠭᠤᠷ ᠭᠤᠣᠯ ᠤᠨ ᠤᠰᠤᠯᠠᠯᠲᠠ ᠶᠢᠨ ᠣᠷᠣᠨ ᠤ ᠤᠰᠤᠨ ᠤ ᠰᠦᠢᠳᠭᠡᠯ | ᠬᠤᠷᠢᠶᠠᠬᠤ ᠵᠢᠴᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ | ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠪᠤᠭᠤᠲᠤ ᠬᠤᠲᠠ ᠶᠢᠨ ᠵᠢᠦ | ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠲᠤᠰ ᠪᠢᠴᠢᠭ ᠮᠠᠲ᠋ᠧᠷᠢᠶᠠᠯ ᠳᠤ ᠲᠠᠶᠢᠯᠤᠮᠵᠢ | ᠬᠢᠪᠡ᠃ | ᠨᠢᠭᠡ᠂ ᠪᠢᠴᠢᠭ ᠮᠠᠲ᠋ᠧᠷᠢᠶᠠᠯ ᠢ ᠲᠣᠭᠲᠠᠭᠠᠭᠰᠠᠨ ᠠᠬᠤᠶ ᠪᠠᠶᠢᠳᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽︿ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠢᠯᠣᠭᠤᠳᠬᠤ ᠰᠠᠨᠠᠯ﹀ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ︾ ︵ᠤᠰᠤᠨ ᠲᠠᠷᠢᠶᠠᠯᠠᠩ ﹇ 2018 ﹈ 54 ᠳ᠋ᠦ᠋ᠭᠡᠷ ᠲᠣᠭᠠᠲᠤ︶ ᠵᠡᠷᠭᠡ ᠬᠠᠤᠯᠢ | ᠴᠠᠭᠠᠵᠠ ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠦᠨᠳᠦᠰᠦᠯᠡᠨ᠂ ᠭᠤᠷᠪᠠᠨ | ᠨᠠᠭᠤᠷ ᠭᠤᠣᠯ ᠤᠨ ᠤᠰᠤᠯᠠᠯᠲᠠ ᠶᠢᠨ ᠣᠷᠣᠨ ᠤ ᠤᠰᠤᠨ ᠤ ᠰᠦᠢᠳᠬᠡᠯ ᠬᠤᠷᠢᠶᠠᠬᠤ ᠠᠷᠭ᠎ᠠ ᠮᠠᠶ᠋ᠢᠭ ᠢ | ᠵᠢᠷᠤᠮᠵᠢᠭᠤᠯᠵᠤ᠂ ᠤᠰᠤᠨ ᠤ ᠰᠦᠢᠳᠬᠡᠯ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠵᠤ ᠂ ᠤᠰᠤ | ᠬᠡᠷᠡᠭᠯᠡᠬᠦ ᠡᠷᠦᠬᠡ ᠪᠠ ᠡᠯ᠎ᠡ ᠬᠠᠷᠢᠭᠤᠴᠠᠯᠭᠠᠲᠤ ᠨᠢᠭᠡᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ | ᠲᠤᠰᠠᠳᠠ ᠂ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠤᠰᠤᠯᠠᠯᠲᠠ ᠶᠢᠨ ᠣᠷᠣᠨ ᠤ | ᠤᠰᠤᠨ ᠤ ᠰᠦᠢᠳᠬᠡᠯ ᠬᠤᠷᠢᠶᠠᠬᠤ ᠵᠢᠴᠢ ᠬᠡᠷᠡᠭᠯᠡᠬᠦ ᠬᠠᠮᠢᠶᠠᠷᠤᠯᠲᠠ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ | ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠪᠣᠳᠣᠯᠬᠢᠯᠠᠭᠠᠳ ︽ᠵᠢᠦ ᠶᠤᠸᠠᠨ ᠲᠣᠭᠤᠷᠢᠭ ᠤᠨ ᠭᠤᠷᠪᠠᠨ | ᠨᠠᠭᠤᠷ ᠭᠤᠣᠯ ᠤᠨ ᠤᠰᠤᠯᠠᠯᠲᠠ ᠶᠢᠨ ᠣᠷᠣᠨ ᠤ ᠤᠰᠤᠨ ᠤ ᠰᠦᠢᠳᠬᠡᠯ ᠬᠤᠷᠢᠶᠠᠬᠤ ᠵᠢᠴᠢ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ | ᠲᠣᠪᠴᠢᠯᠠᠨ᠎ᠠ︶ ᠶᠢ ᠲᠣᠭᠲᠠᠭᠠᠪᠠ᠃ | ᠬᠤᠶᠠᠷ᠂ ᠪᠢᠴᠢᠭ ᠮᠠᠲ᠋ᠧᠷᠢᠶᠠᠯ ᠤᠨ ᠭᠤᠣᠯ ᠠᠭᠤᠯᠭ᠎ᠠ | ︽ᠬᠠᠮᠢᠶᠠᠷᠤᠯᠲᠠ ᠶᠢᠨ ᠠᠷᠭ᠎ᠠ︾ ᠳᠤ ᠨᠡᠶᠢᠲᠡ ᠵᠢᠷᠭᠤᠭᠠᠨ ᠪᠦᠯᠦᠭ 22 ᠵᠣᠷᠪᠣᠰ ᠠᠭᠤᠯᠭ᠎ᠠ ᠪᠠᠶᠢᠵᠤ᠂ ᠡᠯ᠎ᠡ | ᠬᠠᠷᠢᠭᠤᠴᠠᠯᠭᠠᠲᠤ ᠨᠢᠭᠡᠴᠢ ᠂ ᠤᠰᠤ ᠬᠡᠷᠡᠭᠯᠡᠬᠦ ᠡᠷᠦᠬᠡ ᠶᠢᠨ ᠲᠣᠰ ᠲᠣᠰ ᠡᠭᠦᠷᠭᠡᠯᠡᠬᠦ ᠡᠷᠬᠡ ᠵᠢᠴᠢ ᠡᠭᠦᠷᠭᠡ ᠶᠢ | ᠲᠣᠳᠣᠷᠬᠠᠶᠢᠯᠠᠪᠠ᠃ | ᠨᠢᠭᠡᠳᠦᠭᠡᠷ ᠪᠦᠯᠦᠭ ︽ᠶᠡᠷᠦᠩᠬᠡᠶ ᠳᠦᠷᠢᠮ︾᠂ ᠨᠡᠶᠢᠲᠡ 1 ᠵᠤᠷᠪᠤᠰ᠃ ︽ᠬᠠᠮᠢᠶᠠᠷᠤᠯᠲᠠ ᠶᠢᠨ ᠠᠷᠭ᠎ᠠ︾ ᠶᠢ | ᠲᠣᠭᠲᠠᠭᠠᠭᠰᠠᠨ ᠵᠣᠷᠢᠯᠭ᠎ᠠ ᠪᠠ ᠦᠨᠳᠦᠰᠦᠯᠡᠯ ᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ︽ᠤᠰᠤᠨ ᠤ ᠬᠡᠮᠵᠢᠶ᠎ᠡ ᠶᠢ ᠬᠡᠮᠵᠢᠬᠦ ︾᠂ ᠨᠡᠶᠢᠲᠡ 4 ᠵᠤᠷᠪᠤᠰ᠃ ᠤᠰᠤᠨ ᠤ | ᠬᠡᠮᠵᠢᠶ᠎ᠡ ᠶᠢ ᠬᠡᠮᠵᠢᠬᠦ ᠬᠠᠷᠢᠭᠤᠴᠠᠯᠭ᠎ᠠ ᠶᠢᠨ ᠭᠤᠤᠯ ᠴᠣᠭᠴᠠ ᠶᠢ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ | ᠭᠤᠷᠪᠠᠨ ᠨᠠᠭᠤᠷ ᠭᠤᠤᠯ ᠤᠨ ᠤᠰᠤᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠲᠥᠪ ᠪᠣᠯᠭᠠᠵᠤ᠂ | ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠨᠢᠭᠡᠴᠢ ᠶᠢᠨ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠤ᠂ | ᠤᠰᠤᠨ ᠤ ᠰᠦᠢᠳᠬᠡᠯ ᠢ ᠲᠣᠭᠲᠠᠭᠠᠭᠰᠠᠨ ᠤᠰᠤᠨ ᠤ ᠬᠡᠮᠵᠢᠶ᠎ᠡ ᠶᠢ ᠬᠡᠮᠵᠢᠬᠦ ᠠᠷᠭ᠎ᠠ ᠮᠠᠶ᠋ᠢᠭ ᠢᠶᠠᠷ ᠬᠤᠷᠢᠶᠠᠬᠤ ᠶᠢ | ᠲᠣᠭᠲᠠᠭᠠᠪᠠ ᠃ | ᠭᠤᠷᠪᠠᠳᠤᠭᠠᠷ ᠪᠦᠯᠦᠭ ︽ᠤᠰᠤᠨ ᠤ ᠰᠦᠢᠳᠬᠡᠯ ᠬᠤᠷᠢᠶᠠᠬᠤ︾᠂ ᠨᠡᠶᠢᠲᠡ 5 ᠵᠤᠷᠪᠤᠰ᠃ ᠤᠰᠤᠨ ᠤ | ᠰᠦᠢᠳᠬᠡᠯ ᠬᠤᠷᠢᠶᠠᠬᠤ ᠭᠤᠤᠯ ᠴᠣᠭᠴᠠ ᠶᠢ ᠥᠪᠥᠷ ᠮᠣᠩᠭᠤᠯ ᠤᠨ ᠳ᠋ᠧ ᠷᠦᠨ ᠵᠢᠶᠠ ᠾᠧ ᠪᠠᠯᠠ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠣᠯᠭᠠᠵᠤ᠂ ᠤᠰᠤᠨ ᠤ ᠰᠦᠢᠳᠬᠡᠯ ᠲᠤᠰᠢᠶᠠᠬᠤ ᠭᠤᠤᠯ ᠴᠣᠭᠴᠠ ᠨᠢ | ᠤᠰᠤᠯᠠᠯᠲᠠ ᠶᠢᠨ ᠣᠷᠣᠨ ᠤ ᠬᠡᠪᠴᠢᠶᠡᠨ ᠳᠣᠲᠣᠷᠠᠬᠢ ᠤᠰᠤ ᠬᠡᠷᠡᠭᠯᠡᠬᠦ ᠡᠷᠦᠬᠡ ᠪᠣᠯᠭᠠᠵᠤ᠂ ᠤᠰᠤᠨ ᠤ ᠰᠦᠢᠳᠬᠡᠯ ᠢ | ᠤᠷᠢᠳᠴᠢᠯᠠᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠬᠤᠷᠢᠶᠠᠵᠤ᠂ ᠤᠰᠤ ᠬᠠᠩᠭᠠᠬᠤ ᠦᠨ᠎ᠡ ᠶᠢ 0.07 | ᠲᠥᠭᠦᠷᠢᠭ / ᠪᠣᠰᠤᠭ᠎ᠠ ᠳᠥᠷᠪᠡᠯᠵᠢᠨ ᠮᠧᠲᠷ ᠪᠣᠯᠭᠠᠬᠤ ᠪᠠᠷ ᠲᠣᠭᠲᠠᠭᠠᠵᠤ᠂ ᠤᠰᠤᠨ ᠤ ᠰᠦᠢᠳᠬᠡᠯ ᠬᠤᠷᠢᠶᠠᠬᠤ | ᠲᠤᠰᠢᠶᠠᠬᠤ ᠠᠵᠢᠯᠯᠠᠭᠠᠨ ᠤ ᠶᠠᠪᠤᠴᠠ ᠶᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ︽ᠤᠰᠤᠨ ᠤ ᠰᠦᠢᠳᠬᠡᠯ ᠢ ᠬᠡᠷᠡᠭᠯᠡᠬᠦ︾᠂ ᠨᠡᠶᠢᠲᠡ 4 ᠵᠤᠷᠪᠤᠰ᠃ | ᠤᠰᠤᠯᠠᠯᠲᠠ ᠶᠢᠨ ᠤᠰᠤᠨ ᠤ ᠰᠦᠢᠳᠬᠡᠯ ᠢ ᠥᠪᠥᠷ ᠮᠣᠩᠭᠤᠯ ᠤᠨ ᠳ᠋ᠧ ᠷᠦᠨ ᠵᠢᠶᠠ ᠾᠧ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠬᠠᠷᠢᠭᠤᠴᠠᠨ ᠬᠤᠷᠢᠶᠠᠵᠤ᠂ ᠤᠰᠤᠨ ᠤ ᠰᠦᠢᠳᠬᠡᠯ ᠢ ᠬᠡᠷᠡᠭᠯᠡᠬᠦ | ᠬᠡᠪᠴᠢᠶ᠎ᠡ ᠶᠢ ᠲᠣᠭᠲᠠᠭᠠᠨ᠂ ᠤᠰᠤᠨ ᠤ ᠰᠦᠢᠳᠬᠡᠯ ᠢ ᠬᠡᠷᠡᠭᠯᠡᠬᠦ ᠶᠠᠪᠤᠴᠠ ᠶᠢ ᠲᠣᠭᠲᠠᠭᠠᠵᠤ᠂ ᠤᠰᠤᠨ ᠤ | ᠰᠦᠢᠳᠬᠡᠯ ᠢ ᠢᠯᠡ ᠲᠣᠳᠣ᠂ ᠲᠥᠪ ᠭᠤᠣᠯᠴᠢ ᠪᠠᠷ ᠬᠡᠷᠡᠭᠯᠡᠬᠦ ᠶᠢ ᠱᠠᠭᠠᠷᠳᠠᠵᠤ᠂ ᠤᠰᠤᠨ ᠤ ᠰᠦᠢᠳᠬᠡᠯ ᠢ ᠨᠡᠭᠦᠯᠭᠡᠨ | ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠶᠢ ᠡᠷᠡᠰ ᠬᠤᠷᠢᠭᠯᠠᠬᠤ ᠶᠢ | ᠲᠤᠳᠤᠷᠬᠠᠶᠢᠯᠠᠪᠠ ᠃ | ᠲᠠᠪᠤᠳᠤᠭᠠᠷ ᠪᠦᠯᠦᠭ ︽ᠤᠰᠤᠨ ᠤ ᠰᠦᠢᠳᠬᠡᠯ ᠢ ᠬᠠᠮᠢᠶᠠᠷᠬᠤ ᠪᠠ ᠬᠢᠨᠠᠯᠲᠠ ᠲᠠᠯᠪᠢᠬᠤ︾᠂ ᠨᠡᠶᠢᠲᠡ 5 | ᠵᠣᠷᠪᠣᠰ ᠃ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠶᠠᠮᠠᠷ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ | ᠬᠠᠮᠢᠶᠠᠷᠬᠤ ᠪᠠ ᠬᠢᠨᠠᠯᠲᠠ ᠲᠠᠯᠪᠢᠬᠤ ᠶᠢ ᠲᠣᠳᠣᠷᠬᠠᠶᠢᠯᠠᠵᠤ᠂ ᠤᠰᠤᠨ ᠤ ᠰᠦᠢᠳᠬᠡᠯ ᠬᠤᠷᠢᠶᠠᠵᠤ ᠬᠡᠷᠡᠭᠯᠡᠬᠦ ᠬᠠᠤᠯᠢ | ᠶᠣᠰᠣᠨ ᠤ ᠪᠥᠭᠡᠳ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠪᠠ᠃ | ᠵᠢᠷᠭᠤᠳᠤᠭᠠᠷ ᠪᠦᠯᠦᠭ ︽ᠳᠠᠭᠠᠯᠳᠤᠭᠤᠯᠤᠭᠰᠠᠨ ᠲᠦᠷᠢᠮ︾᠂ ᠨᠡᠶᠢᠲᠡ 2 ᠵᠤᠷᠪᠤᠰ᠃ ︽ᠬᠠᠮᠢᠶᠠᠷᠤᠯᠲᠠ ᠶᠢᠨ | ᠠᠷᠭ᠎ᠠ︾ ᠶᠢ ᠳᠠᠷᠤᠮᠠᠯᠯᠠᠨ ᠲᠠᠷᠬᠠᠭᠠᠬᠤ᠂ ᠬᠡᠷᠡᠭᠵᠢᠭᠦᠯᠬᠦ᠂ ᠲᠠᠶᠢᠯᠪᠤᠷᠢᠯᠠᠬᠤ ᠰᠠᠯᠠᠭ᠎ᠠ ᠮᠥᠴᠢᠷ ᠢ ᠲᠣᠭᠲᠠᠭᠠᠵᠤ ᠂ | ᠬᠡᠷᠡᠭᠵᠢᠭᠦᠯᠬᠦ ᠴᠠᠭ ᠢ ᠲᠤᠳᠤᠷᠬᠠᠶᠢᠯᠠᠪᠠ ᠃ | ᠭᠤᠷᠪᠠ᠂ ᠪᠢᠴᠢᠭ ᠮᠠᠲ᠋ᠧᠷᠢᠶᠠᠯ ᠤᠨ ᠲᠣᠬᠢᠷᠠᠬᠤ ᠨᠥᠬᠦᠴᠡᠯ | ︽ᠬᠠᠮᠢᠶᠠᠷᠤᠯᠲᠠ ᠶᠢᠨ ᠠᠷᠭ᠎ᠠ︾ ᠶᠢ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠭᠤᠷᠪᠠᠨ ᠨᠠᠭᠤᠷ | ᠭᠤᠣᠯ ᠤᠨ ᠤᠰᠤᠯᠠᠯᠲᠠ ᠶᠢᠨ ᠣᠷᠣᠨ ᠳᠤ ᠬᠡᠷᠡᠭᠯᠡᠨ᠎ᠡ᠃ | ᠳᠥᠷᠪᠡ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠴᠠᠭ ᠵᠢᠴᠢ ᠬᠦᠴᠦᠨ ᠲᠠᠢ ᠬᠤᠭᠤᠴᠠᠭ᠎ᠠ ᠶᠢᠨ | ᠲᠣᠳᠣᠷᠬᠠᠶᠢᠯᠠᠯᠲᠠ | ︽ᠬᠠᠮᠢᠶᠠᠷᠤᠯᠲᠠ ᠶᠢᠨ ᠠᠷᠭ᠎ᠠ︾ ᠶᠢ 2025 ᠣᠨ ᠤ 3 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠨ | ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠤᠨ᠎ᠠ᠃ ᠪᠤᠭᠤᠲᠤ ᠬᠤᠲᠠ ᠶᠢᠨ ᠵᠢᠦ ᠶᠤᠸᠠᠨ | ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ ᠤᠨ ᠲᠣᠬᠢᠷᠠᠭᠤᠯᠤᠯᠲᠠ ᠪᠠ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ︽ᠬᠠᠮᠢᠶᠠᠷᠤᠯᠲᠠ ᠶᠢᠨ | ᠠᠷᠭ᠎ᠠ︾ ᠳᠤ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃ | ᠲᠠᠶᠢᠯᠤᠮᠵᠢ ᠬᠢᠭᠰᠡᠨ ᠨᠢᠭᠡᠴᠢ ᠄ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ | ᠲᠣᠪᠴᠢᠶ᠎ᠠ | ᠲᠠᠶᠢᠯᠤᠮᠵᠢ ᠬᠢᠭᠴᠢ᠄ ᠡᠦ ᠲᠢᠩ ᠲᠢᠩ | ᠬᠠᠷᠢᠯᠴᠠᠬᠤ ᠤᠲᠠᠰᠤ᠄ 0472 - 6939572 | | | | | | | | | | | |