ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/9
    ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠶᠦᠯᠭᠦᠢ ᠡᠵᠡᠩᠨᠡᠯᠲᠡ ᠶᠢ ᠪᠠᠲᠤᠯᠠᠵᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠡᠮ ᠰᠣᠭᠤᠭ ᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠢᠦ ᠶᠤᠸᠠᠨ ᠲᠣᠭᠤᠷᠢᠭ ᠤᠨ ᠳᠣᠲᠣᠷᠠᠬᠢ 4 ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃    ᠰᠣᠯᠢᠯᠴᠠᠵᠤ ᠯᠠᠪᠯᠠᠨ ᠠᠰᠠᠭᠤᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠭᠤᠯᠤᠮᠵᠢ ᠶᠢᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠨ᠎ᠡ᠃ ᠭᠠᠯ ᠤᠨᠲᠠᠷᠠᠭᠠᠬᠤ ᠲᠠᠷᠬᠠᠭᠠᠨ ᠶᠠᠪᠤᠭᠤᠯᠬᠤ ᠨᠡᠪᠲᠡᠷᠡᠯ ᠵᠠᠮ ᠨᠢ ᠰᠠᠭᠠᠳ ᠦᠭᠡᠶ ᠪᠠᠶᠢᠬᠤ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠪᠣᠯᠤᠨ ᠲᠠᠷᠬᠠᠭᠠᠨ ᠶᠠᠪᠤᠭᠤᠯᠬᠤ ᠵᠢᠭᠠᠯᠲᠠ ᠶᠢᠨ ᠲᠡᠮᠳᠡᠭ ᠨᠢ ᠵᠢᠷᠤᠮᠵᠢᠯ ᠲᠠᠢ ᠪᠠᠶᠢᠬᠤ ᠡᠰᠡᠬᠦ᠂ ᠭᠠᠯ ᠤᠨᠲᠠᠷᠠᠭᠠᠭᠤᠷ ᠵᠡᠷᠭᠡ ᠪᠡᠯᠡᠳᠬᠡᠮᠵᠢ ᠶᠢᠨ ᠪᠦᠲᠦᠮᠵᠢᠲᠡᠶ ᠬᠠᠮᠢᠶᠠᠷᠤᠯᠲᠠ ᠲᠠᠢ ᠪᠠᠶᠢᠬᠤ ᠡᠰᠡᠬᠦ ᠵᠢᠴᠢ ᠠᠶᠦᠯᠭᠦᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠨᠢ ᠪᠦᠷᠢᠨ ᠭᠦᠢᠴᠡᠳ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠵᠢᠷᠤᠮᠵᠢᠯ ᠦᠭᠡᠶ ᠠᠰᠠᠭᠤᠳᠠᠯ ᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠳᠡᠵᠦ ᠱᠠᠭᠠᠷᠳᠠᠯᠭ᠎ᠠ ᠶᠣᠰᠣᠭᠠᠷ ᠴᠡᠭᠴᠡᠯᠡᠨ  ᠦᠭᠡᠷᠡᠴᠢᠯᠡᠭᠦᠯᠦᠨ᠎ᠡ᠃    ᠲᠠᠷᠠᠭᠠᠴᠢ ᠪᠠᠷ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠶᠢᠭᠤᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠪᠠᠳᠠᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠥᠷᠨᠢᠭᠦᠯᠬᠦ ᠶᠢᠨ ᠬᠠᠮᠲᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠎ᠠ᠃ ᠡᠭᠦᠨ ᠤ ᠬᠠᠮᠲᠤ᠂ ᠪᠣᠯᠪᠠᠰᠤᠷᠠᠭᠤᠯᠤᠯ ᠤᠨ ᠮᠠᠲ᠋ᠧᠷᠢᠶᠠᠯ᠂ ᠰᠦᠢᠳᠬᠡᠯ ᠬᠤᠷᠢᠶᠠᠬᠤ ᠶᠢᠨ ᠬᠠᠮᠢᠶᠠᠷᠤᠯᠲᠠ᠂ ᠠᠵᠢᠯᠲᠠᠨ ᠤ ᠬᠢᠷᠢ ᠬᠡᠮ ᠳᠤ ᠪᠥᠬᠦ ᠶᠠᠪᠤᠴᠠ ᠶᠢᠨ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠣᠷᠴᠢᠨ ᠲᠣᠭᠤᠷᠢᠨ ᠤ ᠠᠮᠤᠷ ᠲᠦᠪᠰᠢᠨ᠂ ᠵᠢᠷᠤᠮᠵᠢᠯ ᠲᠠᠢ᠂ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号