ᠯᠢᠦ ᠵᠢᠶᠦ᠋ᠨ ᠢ ᠬᠤᠷᠢᠨᠭᠡᠷ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/12
    5 ᠰᠠᠷ᠎ᠠ ᠶᠢᠨ 8  ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠬᠤᠷᠢᠨᠭᠡᠷ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠠ᠃    ᠯᠢᠦ ᠵᠢᠶᠦ᠋ᠨ ᠢ ᠤᠷᠢᠳ ᠬᠤᠵᠢᠳ ᠰᠢᠨ ᠾᠧ ᠠᠷᠠᠳ ᠤᠨ ᠰᠠᠭᠤᠴᠠ᠂ ᠬᠤᠷᠢᠨᠭᠡᠷ ᠪᠠᠯᠭᠠᠰᠤᠨ ᠤ ᠵᠡᠭᠦᠨ ᠬᠡᠰᠡᠭ ᠤᠨ ᠲᠥᠪᠯᠡᠷᠡᠭᠦᠯᠦᠨ ᠤᠰᠤ ᠬᠠᠩᠭᠠᠬᠤ ᠲᠥᠷᠥᠯ ᠵᠦᠢᠯ ᠵᠢᠴᠢ ᠭᠤᠸᠠᠨ ᠵᠢᠶᠠᠩ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠲᠠᠷᠠᠭᠠᠴᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠪᠣᠳᠠᠲᠠᠶ ᠰᠠᠨᠠᠯ ᠳᠤᠷᠠᠳᠴᠠᠶ᠃    ᠶᠠᠷᠢᠯᠴᠠᠬᠤ ᠬᠤᠷᠠᠯ ᠳᠡᠭᠡᠷ᠎ᠡ᠂ ᠯᠢᠦ ᠵᠢᠶᠦ᠋ᠨ ᠢ ᠬᠤᠷᠢᠨᠭᠡᠷ ᠪᠠᠯᠭᠠᠰᠤᠨ ᠤ 2025 ᠣᠨ ᠤ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ᠂ ᠤᠯᠠᠨ ᠲᠦᠮᠡᠨ ᠤ ᠢᠯᠵᠠᠷᠠᠯ ᠤᠨ ᠠᠵᠢᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠳᠠᠯ ᠢ ᠰᠣᠨᠣᠰᠴᠤ᠂ ᠬᠤᠷᠢᠨᠭᠡᠷ ᠪᠠᠯᠭᠠᠰᠤᠨ ᠤ ᠣᠶᠢᠷ᠎ᠠ ᠶᠢᠨ ᠵᠢᠯ ᠤᠨ ᠡᠯ᠎ᠡ ᠵᠦᠢᠯ ᠤᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠪᠠ᠃ ᠲᠡᠷᠡ᠂ ᠬᠤᠷᠢᠨᠭᠡᠷ ᠪᠠᠯᠭᠠᠰᠤ ᠡᠨᠡ ᠵᠢᠯ ᠤᠨ ᠭᠤᠤᠯᠳᠠᠯᠭ᠎ᠠ ᠲᠠᠢ ᠠᠵᠢᠯ ᠳᠤ ᠨᠠᠷᠢᠨ ᠲᠥᠯᠥᠪᠵᠢᠭᠦᠯᠭᠡ ᠬᠢᠵᠦ᠂ ᠺᠠᠳ᠋ᠷ ᠤᠨ ᠡᠩᠨᠡᠭᠡᠨ ᠤ ᠠᠵᠢᠯ ᠤᠨ ᠤᠷᠮ᠎ᠠ ᠥᠨᠳᠥᠷ᠂ ᠠᠵᠢᠯ ᠬᠢᠬᠦ ᠤᠷᠮ᠎ᠠ ᠲᠡᠭᠦᠯᠳᠡᠷ ᠪᠠᠶᠢᠨ᠎ᠠ᠂ ᠬᠤᠷᠢᠨᠭᠡᠷ ᠪᠠᠯᠭᠠᠰᠤ ᠦᠨᠡᠨ ᠪᠣᠳᠠᠲᠠᠶ ᠠᠵᠢᠯ ᠤᠨ ᠠᠮᠵᠢᠯᠲᠠ ᠪᠠᠷ ᠢᠶᠠᠨ 2025 ᠣᠨ ᠤ ᠡᠯ᠎ᠡ ᠵᠦᠢᠯ ᠤᠨ ᠠᠵᠢᠯ ᠤᠨ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠯᠢᠦ ᠵᠢᠶᠦ᠋ᠨ ᠢ ᠴᠢᠬᠤᠯᠠᠴᠢᠯᠠᠭᠰᠠᠨ ᠨᠢ᠂ ᠬᠤᠷᠢᠨᠭᠡᠷ ᠪᠠᠯᠭᠠᠰᠤ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ᠂ ᠬᠥᠭᠵᠢᠯᠲᠡ᠂ ᠵᠠᠰᠠᠯᠲᠠ᠂ ᠦᠢᠯᠡᠴᠢᠯᠡᠭᠡ ᠭᠤᠷᠪᠠᠨ ᠲᠠᠯ᠎ᠠ ᠠᠴᠠ ᠦᠷᠭᠦᠯᠵᠢᠯᠡᠨ ᠬᠦᠴᠦᠯᠡᠵᠦ᠂ ᠥᠪᠡᠷᠲᠡᠭᠡᠨ ᠵᠠᠰᠠᠬᠤ ᠣᠷᠣᠨ ᠤ ᠲᠠᠪᠤᠨ ᠠᠵᠤ ᠠᠬᠤᠶ ᠬᠥᠭᠵᠢᠭᠰᠡᠨ ᠪᠠᠯᠭᠠᠰᠤ ᠶᠢᠨ ᠨᠢᠭᠡ ᠪᠣᠯᠤᠭᠰᠠᠨ ᠤ ᠬᠤᠪᠢ ᠳᠤ᠂ ᠲᠣᠰ ᠪᠡᠶ᠎ᠡ ᠶᠢᠨ ᠬᠥᠭᠵᠢᠯᠲᠡ ᠪᠠᠨ ᠪᠠᠲᠤᠯᠠᠬᠤ ᠶᠢᠨ ᠬᠠᠮᠲᠤ ᠪᠥᠬᠦ ᠲᠤᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠦᠢᠯᠡᠴᠢᠯᠡᠵᠦ᠂《 ᠵᠢᠵᠢᠭ ᠲᠠᠷᠢᠶ᠎ᠠ ᠶᠢ ᠲᠣᠮᠣ ᠲᠠᠷᠢᠶ᠎ᠠ ᠪᠣᠯᠭᠠᠬᠤ 》ᠥᠭᠡᠷᠡᠴᠢᠯᠡᠯᠲᠡ ᠪᠠ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠪᠠᠷ ᠳᠠᠮᠵᠢᠭᠤᠯᠤᠨ ᠭᠠᠵᠠᠷ ᠰᠢᠷᠣᠶ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂《 ᠰᠢᠢᠳᠪᠦᠷᠢᠯᠡᠬᠦ 》ᠰᠡᠳᠬᠢᠬᠦᠶ ᠶᠢ ᠭᠦᠢᠴᠡᠳ ᠠᠰᠢᠭᠯᠠᠨ᠂ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠡᠮᠬᠢᠯᠡᠨ ᠨᠡᠶᠢᠯᠡᠭᠦᠯᠵᠦ᠂ ᠢᠳᠡᠪᠬᠢᠲᠡᠶ ᠪᠠᠷ ᠳᠡᠭᠡᠷ᠎ᠡ ᠠᠴᠠ ᠪᠠᠯᠠ ᠮᠥᠩᠭᠦ ᠲᠡᠮᠡᠴᠡᠨ ᠣᠯᠵᠤ᠂ ᠲᠠᠷᠢᠶᠠᠴᠢᠳ ᠤᠨ ᠢᠳᠡᠪᠬᠢᠵᠢᠯ ᠢ ᠳᠠᠶᠢᠴᠢᠯᠠᠨ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠰᠬᠤᠨ ᠢ ᠳᠠᠭᠠᠭᠠᠴᠢᠯᠠᠭᠰᠠᠨ ᠺᠠᠳ᠋ᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠬᠦᠷᠴᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠨ᠎ᠡ᠃ ᠡᠩᠨᠡᠭᠡ ᠪᠠᠨ ᠳᠠᠭᠠᠭᠤᠯᠬᠤ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠤᠳᠤᠷᠢᠳᠬᠤ ᠺᠠᠳ᠋ᠷ ᠣᠪᠣᠷ ᠢᠶᠠᠨ ᠲᠥᠪ ᠪᠣᠯᠭᠠᠵᠤ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠳᠦᠰᠦᠨ ᠱᠠᠲᠤᠨ ᠤ ᠠᠵᠢᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ᠂ ᠬᠦᠴᠦ ᠣᠷᠣᠭᠤᠯᠤᠨ ᠰᠠᠶᠢᠲᠤᠷ ᠬᠢᠵᠦ᠂ ᠨᠠᠩ ᠥᠨᠳᠥᠷ ᠵᠣᠭᠰᠣᠴᠠ ᠠᠴᠠ ᠬᠥᠭᠵᠢᠯᠲᠡ ᠶᠢ ᠲᠥᠯᠥᠪᠵᠢᠭᠦᠯᠬᠦ᠂ ᠨᠠᠩ ᠪᠣᠳᠠᠲᠠᠶ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠩ ᠬᠠᠲᠠᠭᠤ ᠠᠷᠭ᠎ᠠ ᠬᠡᠮᠵᠢᠶ᠎ᠡ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ 2025 ᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠬᠠᠨ ᠮᠢᠩ ᠺᠠᠶ᠂  ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠵᠢᠴᠢ ᠬᠤᠷᠢᠨᠭᠡᠷ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠦᠭᠡ ᠬᠡᠯᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号