ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠵᠢᠤ | ᠶᠤᠸᠠᠨ ᠲᠣᠭᠤᠷᠢᠭ ᠤᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠦᠨᠡᠨ ᠬᠦ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠥᠪᠡᠷᠲᠡᠭᠡᠨ ᠵᠠᠰᠠᠬᠤ | ᠣᠷᠣᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ | ᠪᠤᠯᠪᠠᠰᠤᠷᠠᠯ ᠤᠨ ᠠᠩᠭᠢ ᠳᠤ ᠣᠷᠣᠯᠴᠠᠪᠠ᠃ | | | | ᠲᠣᠰ ᠤᠳᠠᠭᠠᠨ ᠤ ᠪᠤᠯᠪᠠᠰᠤᠷᠠᠯ ᠨᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠢᠯᠯᠠᠭᠠᠨ ᠤ ᠲᠦᠷᠢᠮ ᠢ | ᠵᠠᠳᠠᠯᠬᠤ᠂ ᠬᠠᠤᠯᠢ ᠴᠠᠭᠠᠵᠠ ᠶᠢᠨ ᠬᠢᠨᠠᠨ ᠪᠠᠶᠢᠴᠠᠭᠠᠯᠲᠠ ᠶᠢᠨ ᠭᠤᠤᠯᠳᠠᠯᠭ᠎ᠠ ᠵᠢᠴᠢ ᠦᠨ᠎ᠡ ᠬᠠᠩᠰᠢ ᠶᠢᠨ | ᠮᠠᠷᠭᠤᠯᠳᠤᠭᠠᠨ ᠢ ᠡᠶᠡᠳᠡᠭᠦᠯᠬᠦ ᠭᠤᠷᠪᠠᠨ ᠶᠡᠭᠡ ᠭᠤᠤᠯ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠤ | ᠶᠤᠸᠠᠨ ᠲᠣᠭᠤᠷᠢᠭ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ ᠰᠢᠯᠢᠳᠡᠭᠵᠢᠭᠦᠯᠬᠦ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠪᠡ᠃ | ᠵᠢᠤ ᠶᠤᠸᠠᠨ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠣᠰ ᠤᠳᠠᠭᠠᠨ ᠤ | ᠪᠤᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯᠲᠠᠨ ᠤ | ᠴᠢᠳᠠᠪᠤᠷᠢ ᠶᠢᠨ ᠬᠡᠪᠴᠢᠶ᠎ᠡ ᠶᠢ ᠥᠷᠭᠡᠳᠬᠡᠵᠦ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠲᠤᠬᠠᠶᠢᠯᠠᠭᠰᠠᠨ | ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ | ᠣᠨᠣᠪᠴᠢᠲᠠᠶ ᠥᠷᠨᠢᠭᠦᠯᠵᠦ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠳᠤ ᠬᠦᠴᠦ | ᠨᠡᠮᠡᠷᠢᠯᠡᠵᠦ᠂ ᠣᠷᠣᠨ ᠪᠦᠰᠡ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠳᠤ ᠬᠦᠴᠦᠲᠡᠶ | ᠲᠤᠯᠭᠠᠭᠤᠷᠢᠯᠠᠯ ᠬᠠᠩᠭᠠᠨ᠎ᠠ᠃ | | | | | | |