ᠵᠢᠯ ᠤᠨ ᠡᠬᠢᠨ ᠠᠴᠠ ᠨᠠᠭᠠᠰᠢ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ《 | ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ᠂ ᠲᠥᠷᠥᠯ ᠵᠦᠢᠯ ᠢ ᠰᠦᠪᠡᠭᠴᠢᠯᠡᠬᠦ ᠪᠣᠯ | ᠳᠠᠷᠤᠶ ᠢᠷᠡᠭᠡᠳᠦᠶ ᠶᠢ ᠪᠣᠳᠣᠯᠬᠢᠯᠠᠬᠤ 》ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠴᠢᠭᠯᠡᠯ ᠪᠠ ᠮᠠᠨ ᠤ ᠲᠤᠭᠤᠷᠢᠭ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ | ᠰᠠᠨᠠᠭᠠᠴᠢᠯᠠᠭ᠎ᠠ ᠠᠴᠠ ᠪᠠᠨ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠨᠥᠭᠡᠴᠡᠯᠡᠯᠲᠡ ᠶᠢ | ᠲᠥᠯᠥᠪᠵᠢᠭᠦᠯᠬᠦ ᠶᠢ ᠴᠢᠩᠭ᠎ᠠ ᠠᠳᠬᠤᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ | ᠠᠩᠬᠠᠷᠤᠯ ᠢᠶᠠᠨ ᠲᠥᠪᠯᠡᠷᠡᠭᠦᠯᠬᠦ᠂ ᠪᠠᠯᠠ ᠮᠥᠩᠭᠦ ᠤᠯᠬᠤ ᠪᠠᠷ ᠴᠢᠷᠮᠠᠶᠢᠬᠤ ᠭᠤᠷᠪᠠᠨ ᠶᠡᠭᠡ ᠴᠢᠭᠯᠡᠯ ᠤᠨ | ᠲᠣᠭᠤᠷᠢᠨ ᠳᠤ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠦᠢᠯᠡᠳᠦᠯ ᠢ ᠳᠣᠪᠤᠶᠢᠯᠭᠠᠬᠤ ᠵᠡᠷᠭᠡ ᠠᠷᠭ᠎ᠠ | ᠬᠡᠮᠵᠢᠶ᠎ᠡ ᠶᠢᠨ ᠲᠣᠭᠤᠷᠢᠨ ᠳᠤ᠂ ᠲᠥᠷᠥᠯ ᠵᠦᠢᠯ ᠤᠨ ᠨᠥᠭᠡᠴᠡᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠪᠠ᠃ | ᠤᠳᠤ ᠪᠣᠯᠲᠠᠯ᠎ᠠ᠂ ᠪᠥᠬᠦ ᠲᠤᠭᠤᠷᠢᠭ ᠤᠨ ᠨᠥᠭᠡᠴᠡᠯᠡᠵᠦ ᠪᠠᠶᠢᠭ᠎ᠠ ᠳᠡᠭᠡᠷ᠎ᠡ ᠠᠴᠠ ᠪᠠᠯᠠ ᠮᠥᠩᠭᠦ ᠤᠯᠬᠤ ᠪᠠᠷ | ᠲᠦᠯᠦᠪᠯᠡᠵᠦ ᠪᠠᠶᠢᠭ᠎ᠠ ᠬᠡᠲᠦ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ 47᠂ | ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ ᠶᠢᠨ ᠲᠥᠷᠥᠯ ᠵᠦᠢᠯ 65᠂ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ 9 ᠪᠣᠶ᠃ ᠲᠤᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠬᠠᠭᠠᠰ ᠰᠠᠷ᠎ᠠ ᠪᠦᠷᠢ ᠨᠢᠭᠡ ᠤᠳᠠᠭ᠎ᠠ ᠲᠤᠬᠢᠷᠠᠭᠤᠯᠬᠤ ᠠᠵᠢᠯ ᠢ ᠦᠷᠭᠦᠯᠵᠢᠯᠡᠨ | ᠥᠷᠨᠢᠭᠦᠯᠵᠦ᠂ ᠨᠥᠭᠡᠴᠡᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ | ᠪᠠᠶᠢᠳᠠᠯ ᠢ ᠴᠠᠭ ᠲᠤᠬᠠᠢ ᠳᠤᠨᠢ ᠰᠢᠨᠡᠳᠬᠡᠬᠦ ᠶᠢᠨ ᠬᠠᠮᠲᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ | ᠰᠢᠨ᠎ᠡ ᠪᠡᠯᠡ ᠮᠥᠩᠭᠦ ᠤᠯᠬᠤ ᠲᠦᠷᠦ ᠶᠢᠨ ᠪᠤᠳᠤᠯᠭ᠎ᠠ ᠶᠢ ᠦᠨᠳᠦᠰᠦᠯᠡᠨ ᠨᠥᠭᠡᠴᠡᠯᠡᠬᠦ ᠲᠥᠷᠥᠯ ᠵᠦᠢᠯ ᠳᠤ | ᠲᠤᠬᠢᠷᠠᠭᠤᠯᠤᠯᠳᠠ ᠪᠠ ᠰᠢᠨᠡᠴᠢᠯᠡᠯᠲᠡ ᠬᠢᠵᠦ᠂ ᠣᠷᠣᠭᠤᠯᠤᠯᠲᠠ ᠶᠢᠨ ᠬᠠᠨᠳᠤᠰᠢ ᠶᠢᠨ ᠬᠦᠷᠢᠶᠡᠨ ᠳᠤ ᠦᠯᠦ ᠨᠡᠶᠢᠴᠡᠬᠦ | ᠨᠥᠭᠡᠴᠡᠯᠡᠬᠦ ᠲᠥᠷᠥᠯ ᠵᠦᠢᠯ ᠢ ᠢᠯᠭᠠᠨ ᠭᠠᠷᠭᠠᠵᠤ᠂ ᠴᠢᠨᠠᠷ ᠰᠠᠶᠢᠲᠠᠢ ᠨᠥᠭᠡᠴᠡᠯᠡᠬᠦ ᠲᠥᠷᠥᠯ ᠵᠦᠢᠯ ᠢ ᠰᠢᠨ᠎ᠡ ᠪᠠᠷ | ᠨᠡᠮᠡᠭᠳᠡᠭᠦᠯᠦᠨ᠎ᠡ᠃ | ᠲᠠᠷᠠᠭᠠᠴᠢ ᠪᠠᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠥᠷᠥᠯ ᠵᠦᠢᠯ ᠢ | ᠲᠥᠯᠥᠪᠵᠢᠭᠦᠯᠦᠨ ᠨᠥᠭᠡᠴᠡᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠲᠥᠷᠥ ᠶᠢᠨ | ᠪᠣᠳᠣᠯᠭ᠎ᠠ ᠶᠢᠨ ᠬᠥᠳᠡᠯᠦᠩᠭᠦᠶ ᠪᠠᠶᠢᠳᠠᠯ ᠢ ᠦᠷᠭᠦᠯᠵᠢᠯᠡᠨ ᠮᠥᠷᠳᠡᠵᠦ᠂ ᠲᠥᠷᠥᠯ ᠵᠦᠢᠯ ᠤᠨ ᠨᠥᠭᠡᠴᠡᠯᠡᠬᠦ | ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠥᠷᠥᠯ ᠵᠦᠢᠯ ᠤᠨ ᠨᠥᠭᠡᠴᠡᠯᠡᠬᠦ ᠶᠠᠰᠤ ᠴᠢᠨᠠᠷ ᠢ | ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠲᠡᠶ ᠲᠤᠯᠭᠠᠭᠤᠷᠢᠯᠠᠯ ᠬᠠᠩᠭᠠᠨ᠎ᠠ᠃ |