ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/12
  《5·1》 ᠤ ᠠᠮᠠᠷᠠᠯᠲᠠ ᠶᠢᠨ ᠬᠤᠭᠤᠴᠠᠭᠠᠨ ᠳᠤ᠂ ᠵᠢᠤ ᠶᠤᠸᠠᠨ ᠲᠣᠭᠤᠷᠢᠭ ᠬᠡᠷᠡᠭᠯᠡᠭᠡᠨ ᠤ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠳᠬᠤᠵᠤ᠂ ᠤᠯᠠᠨ ᠲᠠᠯ᠎ᠠ ᠪᠠᠷ ᠬᠠᠮᠵᠢᠯᠴᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠦᠵᠡᠰᠬᠦᠯᠡᠩ ᠳᠡᠯᠭᠡᠨ ᠪᠣᠷᠣᠯᠠᠭᠤᠯᠭ᠎ᠠ᠂ ᠰᠢᠨ᠎ᠡ ᠪᠠᠶᠢᠳᠠᠯ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠭᠦᠳᠬᠦ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠭᠡᠯᠴᠢ ᠰᠢᠨ᠎ᠡ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠤᠯᠠᠨ ᠵᠦᠢᠯ ᠤᠨ ᠤᠨᠴᠠᠯᠢᠭᠳᠤ ᠦᠢᠯᠡᠴᠢᠯᠡᠭᠡᠨ ᠤ ᠬᠡᠷᠡᠭᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠴᠦᠲᠡᠢ ᠬᠥᠭᠵᠢᠭᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠵᠠᠭᠠᠯᠠᠰᠢ ᠦᠭᠡᠢ ᠳᠠᠯᠳᠠ ᠬᠦᠴᠦᠨ ᠢ ᠪᠦᠬᠦ ᠲᠠᠯ᠎ᠠ ᠪᠠᠷ ᠢᠯᠡᠷᠡᠭᠦᠯᠪᠡ᠃    ᠨᠢᠭᠡ ᠳᠤ ᠠᠵᠤ ᠠᠬᠤᠶᠢᠯᠠᠯ ᠬᠤᠯᠪᠣᠭᠠᠯᠠᠨ᠂ ᠬᠠᠷᠠᠭᠠᠯᠵᠠᠯ ᠦᠵᠡᠭᠦᠯᠵᠦ ᠠᠰᠢᠭ ᠬᠦᠷᠲᠡᠭᠡᠨ ᠬᠠᠯᠠᠮᠰᠢᠯ ᠢ ᠳᠡᠭᠡᠭᠰᠢᠯᠡᠭᠦᠯᠪᠡ᠃ ᠵᠢᠦ ᠶᠤᠸᠠᠨ ᠤ ᠸᠠᠨ ᠳ᠋ᠠ ᠳᠠᠯᠠᠪᠠᠢ ᠳᠤ ᠯᠢ ᠪᠦᠦ ᠼᠤᠤ᠂ ᠡᠦ ᠰᠢᠤᠸᠠᠢ ᠵᠠᠩ᠂ ᠢ ᠾᠧ ᠲᠠᠩ ᠵᠡᠷᠭᠡ 16 ᠨᠡᠷᠡᠳᠦ ᠳᠦᠷᠦᠯ ᠳᠡᠮᠳᠡᠭ ᠤᠨ ᠠᠩᠬᠠᠨ ᠤ ᠳᠡᠯᠭᠡᠭᠦᠷ ᠣᠷᠣᠵᠤ ᠰᠠᠭᠤᠷᠢᠰᠢᠵᠤ᠂ ᠤᠷᠤᠰᠬᠠᠯᠲᠤ ᠲᠠᠮᠢᠷ ᠤᠨ ᠬᠥᠳᠡᠯᠭᠡᠭᠡᠨ ᠭᠡᠷ ᠤᠨ ᠭᠠᠳᠠᠨᠠᠬᠢ ᠵᠢᠴᠢ ᠢᠳᠡᠭᠡᠨ ᠤᠮᠳᠠᠭᠠᠨ ᠰᠡᠯᠡᠭᠦᠴᠡᠯ ᠵᠡᠷᠭᠡ ᠤᠯᠠᠨ ᠡᠰᠢᠴᠢᠯᠡᠭᠰᠡᠨ ᠡᠵᠡᠩᠨᠡᠯᠲᠡ ᠶᠢᠨ ᠬᠡᠯᠪᠡᠷᠢ ᠳᠤ ᠠᠭᠤᠰᠤᠯᠴᠠᠵᠤ᠂ ᠬᠡᠷᠡᠭᠯᠡᠭᠴᠢᠳ ᠲᠤ ᠴᠣ ᠰᠢᠨ᠎ᠡ ᠬᠡᠷᠡᠭᠯᠡᠭᠡᠨ ᠤ ᠣᠶᠢᠯᠠᠭᠠᠯᠲᠠ ᠶᠢ ᠠᠪᠴᠢᠷᠠᠵᠤ᠂ ᠵᠥᠪᠬᠡᠨ 5 ᠡᠳᠦᠷ ᠲᠤ 14.5 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠪᠣᠷᠣᠯᠠᠭᠤᠯᠭ᠎ᠠ ᠶᠢᠨ ᠬᠡᠮᠵᠢᠶ᠎ᠡ 750 ᠲᠦᠮᠡ ᠳᠤ ᠬᠦᠷᠴᠡᠢ︔ ᠸᠠᠨ ᠺᠧ ᠮᠥᠰᠥ ᠴᠠᠰᠤᠨ ᠤ ᠲᠥᠪ 5 ᠡᠳᠦᠷ ᠤᠨ ᠶᠠᠪᠤᠬᠤ ᠰᠤᠷᠤᠯᠴᠠᠯᠭ᠎ᠠ ᠶᠢᠨ ᠬᠤᠷᠢᠶ᠎ᠠ᠂ ᠲᠤᠰᠬᠠᠢ ᠪᠣᠯᠪᠠᠰᠤᠷᠠᠯ ᠤᠨ ᠲᠠᠪᠤᠨ ᠤᠳᠠᠭ᠎ᠠ ᠶᠢᠨ ᠺᠠᠷᠲ᠂《 ᠰᠠᠮ ᠬᠤᠷᠣᠬᠠᠢ ᠶᠢᠨ ᠭᠤᠯᠭᠤᠯᠲᠠ 》ᠨᠠᠶᠢᠷ ᠵᠡᠷᠭᠡ ᠤᠨᠴᠠᠯᠢᠭᠲᠤ ᠮᠥᠰᠥ ᠴᠠᠰᠤᠨ ᠤ ᠠᠵᠢᠯᠯᠠᠭ᠎ᠠ ᠥᠷᠨᠢᠭᠦᠯᠵᠦ᠂ ᠬᠤᠳᠠ ᠶᠢᠨ ᠠᠷᠠᠳ ᠤᠨ ᠵᠤᠭᠠᠴᠠᠭᠰᠠᠳ ᠢ ᠲᠠᠲᠠᠵᠤ ᠴᠠᠰᠤᠨ ᠭᠤᠯᠭᠤᠯᠲᠠ ᠳᠤ ᠪᠡᠶ᠎ᠡ ᠪᠠᠷ ᠢᠶᠠᠨ ᠲᠤᠷᠰᠢᠵᠤ᠂ ᠨᠡᠶᠢᠳᠡ 1400 ᠭᠠᠷᠤᠢ ᠬᠥᠮᠦᠨ ᠢ ᠬᠦᠯᠢᠶᠠᠨ ᠠᠪᠴᠤ᠂ ᠡᠵᠡᠩᠨᠡᠯᠲᠡ ᠶᠢᠨ ᠣᠷᠣᠯᠭ᠎ᠠ ᠨᠢ 30.5 ᠲᠦᠮᠡ ᠶᠢ ᠪᠡᠶᠡᠯᠡᠭᠦᠯᠪᠡ︔ ᠪᠤᠤ ᠮᠢᠶᠠᠨ ᠭᠦᠸ᠋ ᠵᠢᠢ ᠦᠨ᠎ᠡ ᠪᠠᠭᠤᠷᠠᠭᠤᠯᠬᠤ᠂ ᠪᠦᠬᠦᠯᠢ ᠪᠠᠶᠢᠭᠰᠠᠭᠠᠷ ᠬᠠᠰᠤᠬᠤ ᠬᠠᠰᠤᠬᠤ ᠵᠡᠷᠭᠡ ᠣᠯᠠᠨ ᠶᠠᠩᠵᠤ ᠶᠢᠨ ᠬᠠᠷᠠᠭᠠᠯᠵᠠᠯᠲᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠪᠤᠭᠤᠲᠤ ᠠᠴᠠ  ᠭᠠᠷᠬᠤ ᠦᠭᠡᠢ ᠴᠤ ᠣᠯᠠᠨ ᠤᠯᠤᠰ ᠤᠨ ᠨᠡᠷᠡᠲᠦ ᠲᠡᠮᠳᠡᠭ ᠢ ᠬᠤᠳᠠᠯᠳᠤᠨ ᠠᠪᠬᠤ ᠳᠤ ᠬᠠᠷᠠᠭᠠᠯᠵᠠᠯ ᠬᠦᠷᠲᠡᠵᠦ᠂ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ 15 ᠲᠦᠮᠡ ᠰᠢᠬᠠᠮ ᠪᠣᠷᠣᠯᠠᠭᠤᠯᠪᠠ᠃ ᠡᠯ᠎ᠡ ᠮᠠᠰᠢᠨ ᠲᠡᠷᠭᠡᠨ ᠤ ᠠᠵᠤ ᠠᠬᠤᠶᠢᠯᠠᠯ ᠤᠨ 4 S ᠳᠡᠯᠭᠡᠭᠦᠷ ᠨᠢ ᠮᠠᠰᠢᠨ ᠲᠡᠷᠭᠡᠨ ᠤ ᠦᠵᠡᠭᠦᠯᠦᠯᠭᠡ᠂《 ᠬᠤᠤᠰ ᠦᠢᠯᠡᠳᠬᠦᠨ ᠢ ᠰᠦᠯᠵᠢᠶ᠎ᠡ ᠪᠠᠷ ᠬᠤᠳᠠᠯᠳᠤᠨ ᠠᠪᠬᠤ ᠨᠠᠶᠢᠷ 》 ᠲᠠᠢ ᠤᠶᠠᠯᠳᠤᠭᠤᠯᠤᠨ᠂ ᠰᠢᠭᠤᠳ ᠨᠡᠪᠲᠡᠷᠡᠭᠦᠯᠬᠦ ᠲᠠᠪᠴᠠᠩ ᠢ ᠠᠰᠢᠭᠯᠠᠨ ᠪᠣᠷᠣᠯᠠᠭᠤᠯᠭ᠎ᠠ ᠪᠠᠨ ᠠᠬᠢᠭᠤᠯᠬᠤ ᠠᠵᠢᠯᠯᠠᠭ᠎ᠠ ᠥᠷᠨᠢᠭᠦᠯᠵᠦ᠂ ᠪᠣᠷᠣᠯᠠᠭᠤᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠨ᠎ᠠ᠃  ᠯᠤᠤ ᠲᠦ᠋ ᠪᠢᠶᠧ ᠺᠧ᠂ ᠰᠢᠨ ᠳ᠋ᠧ ᠬᠤᠢ ᠹᠧᠩ ᠲᠢᠶᠠᠨ᠂ ᠱᠢ ᠲᠦᠩ ᠵᠢᠶᠠ ᠷᠦᠢ ᠸᠠᠩ ᠼᠤᠤ ᠶᠢᠨ ᠮᠠᠰᠢᠨ ᠲᠡᠷᠭᠡ ᠵᠡᠷᠭᠡ ᠨᠢ ᠬᠢᠮᠳᠠ ᠪᠠᠷ ᠬᠢᠮᠳᠠᠷᠠᠭᠤᠯᠬᠤ᠂ ᠠᠩᠬ᠎ᠠ ᠲᠤᠰᠢᠶᠠᠬᠤ ᠠᠴᠠ ᠬᠡᠯᠲᠦᠷᠢᠭᠦᠯᠬᠦ ᠠᠵᠢᠯᠯᠠᠭ᠎ᠠ ᠵᠢᠴᠢ ᠡᠵᠡᠩᠨᠡᠯᠲᠡ ᠶᠢᠨ ᠴᠠᠭ ᠢᠶᠠᠨ ᠤᠷᠲᠤᠳᠬᠠᠬᠤ ᠵᠡᠷᠭᠡ ᠠᠷᠭ᠎ᠠ ᠵᠠᠮ ᠢᠶᠠᠷ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠬᠡᠷᠡᠭᠯᠡᠭᠴᠢᠳ ᠤᠨ ᠮᠠᠰᠢᠨ ᠲᠡᠷᠭᠡ ᠬᠤᠳᠠᠯᠳᠤᠨ ᠠᠪᠬᠤ ᠬᠦᠰᠡᠯ ᠢ ᠤᠯᠠᠮ ᠨᠢᠭᠡ ᠠᠯᠬᠤᠮ ᠬᠥᠭᠵᠢᠭᠡᠵᠦ᠂ ᠬᠡᠰᠡᠭ 4 S ᠳᠡᠯᠭᠡᠭᠦᠷ ᠤᠨ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ ᠪᠣᠷᠣᠯᠠᠭᠤᠯᠭ᠎ᠠ ᠶᠢᠨ ᠬᠡᠮᠵᠢᠶ᠎ᠡ ᠨᠢ 70  ᠶᠢ ᠳᠠᠪᠠᠵᠤ᠂ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠪᠠ ᠪᠣᠷᠣᠯᠠᠭᠤᠯᠤᠨ ᠬᠤᠪᠢᠷᠠᠭᠤᠯᠬᠤ ᠬᠤᠤᠰ ᠢᠯᠠᠯᠲᠠ ᠶᠢ ᠪᠡᠶᠡᠯᠡᠭᠦᠯᠪᠡ᠃    ᠬᠤᠶᠠᠷ ᠲᠤ ᠣᠯᠠᠨ ᠠᠵᠢᠯ ᠲᠥᠷᠥᠯ ᠢ ᠬᠤᠯᠢᠯᠳᠤᠭᠤᠯᠵᠤ᠂ ᠬᠡᠷᠡᠭᠯᠡᠭᠡᠨ ᠤ ᠰᠢᠨ᠎ᠡ ᠪᠡᠶᠡᠴᠢ ᠣᠶᠢᠯᠠᠭᠠᠯᠲᠠ ᠶᠢ ᠬᠦᠭᠵᠢᠭᠡᠪᠡ᠃ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ᠂ ᠬᠡᠷ ᠤᠨ ᠴᠠᠬᠢᠯᠭᠠᠨ ᠬᠡᠷᠡᠭᠰᠡᠯ᠂ ᠭᠡᠷ ᠢᠶᠠᠨ ᠴᠢᠮᠡᠭᠯᠡᠨ ᠲᠣᠭᠤᠭᠠᠨ ᠬᠡᠷ ᠠᠷᠢᠭᠤᠨ ᠴᠡᠪᠡᠷ ᠤᠨ ᠲᠠᠰᠤᠯᠭ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ᠂ ᠡᠯ᠎ᠡ ᠲᠣᠮᠣ ᠬᠤᠳᠠᠯᠳᠤᠭᠠᠴᠢᠳ ᠢᠳᠡᠪᠬᠢᠲᠡᠶ ᠴᠤᠤᠷᠢᠶᠠᠲᠤᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ᠨᠠᠷᠠᠲᠤ ᠲᠡᠮᠳᠡᠭ ᠤᠨ ᠨᠤᠭᠤᠯᠤᠨ ᠬᠠᠰᠤᠬᠤ᠂ ᠱᠠᠩᠨᠠᠯ ᠰᠤᠭᠤᠯᠬᠤ ᠵᠡᠷᠭᠡ ᠠᠵᠢᠯᠯᠠᠭ᠎ᠠ ᠭᠠᠷᠭᠠᠵᠤ᠂ ᠤᠶᠤᠨᠲᠤ ᠬᠡᠷ ᠤᠨ ᠡᠳ᠋ᠯᠡᠯ ᠤᠨ ᠦᠢᠯᠡᠳᠬᠦᠨ ᠬᠡᠷᠡᠭᠯᠡᠭᠴᠢᠳ ᠤᠨ ᠬᠦᠷᠢᠶᠡᠯᠡᠯ ᠢ ᠣᠯᠵᠤ᠂ ᠯᠢᠶᠠᠨ ᠾᠧᠩ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠷᠦᠩ ᠱᠢ ᠹᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠵᠡᠷᠭᠡ 11 ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠭᠤᠤᠯ ᠴᠣᠭᠴᠠ ᠶᠢᠨ ᠪᠣᠷᠣᠯᠠᠭᠤᠯᠭ᠎ᠠ ᠶᠢᠨ ᠲᠤᠭ᠎ᠠ 60.58 ᠲᠦᠮᠡᠨ ᠲᠥᠭᠦᠷᠢᠭ ᠲᠤ ᠬᠦᠷᠴᠦ᠂ ᠪᠣᠷᠣᠯᠠᠭᠤᠯᠭ᠎ᠠ ᠶᠢᠨ ᠬᠡᠮᠵᠢᠶ᠎ᠡ 205  ᠳᠤ ᠬᠦᠷᠴᠡᠶ᠃ ᠡᠯ᠎ᠡ ᠬᠡᠲᠦ ᠳᠡᠯᠭᠡᠭᠦᠷ ᠨᠢ ᠪᠦᠷᠢᠨ ᠲᠤᠭ᠎ᠠ ᠪᠠᠷ ᠱᠠᠩᠨᠠᠯ ᠰᠤᠭᠤᠯᠬᠤ᠂ ᠭᠡᠰᠢᠭᠦᠨ ᠨᠢ ᠲᠤᠰᠬᠠᠶ ᠬᠠᠷᠠᠭᠠᠯᠵᠠᠯ ᠭᠥᠷᠳᠡᠬᠦ ᠵᠡᠷᠭᠡ ᠠᠵᠢᠯᠯᠠᠭ᠎ᠠ ᠥᠷᠨᠢᠭᠦᠯᠵᠦ᠂ ᠶᠦᠩ ᠱᠧᠩ ᠬᠡᠲᠦ ᠳᠡᠯᠭᠡᠭᠦᠷ ᠤᠨ ᠸᠠᠨ ᠳ᠋ᠠ ᠳᠡᠯᠭᠡᠭᠦᠷ᠂ ᠪᠠᠶ ᠯᠧ ᠹᠦ᠋ ᠬᠡᠲᠦ ᠳᠡᠯᠭᠡᠭᠦᠷ ᠵᠡᠷᠭᠡ 6 ᠬᠡᠲᠦ ᠳᠡᠯᠭᠡᠭᠦᠷ ᠤᠨ ᠪᠣᠷᠣᠯᠠᠭᠤᠯᠤᠯᠲᠠ ᠶᠢᠨ ᠬᠡᠮᠵᠢᠶ᠎ᠡ 217 ᠲᠦᠮᠡᠨ ᠲᠥᠭᠦᠷᠢᠭ ᠲᠤ ᠬᠦᠷᠴᠦ᠂ ᠬᠥᠮᠦᠨ ᠤ ᠤᠷᠤᠰᠬᠠᠯ ᠤᠨ ᠬᠡᠮᠵᠢᠶ᠎ᠡ ᠨᠢ 2.5 ᠲᠦᠮᠡ ᠳᠤ ᠬᠦᠷᠴᠡᠶ᠃ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠲᠤ᠂ ᠶᠠᠰᠤ ᠴᠢᠨᠠᠷ ᠤᠨ ᠢᠳᠡᠭᠡᠨ ᠤᠮᠳᠠᠭᠠᠨ᠂ ᠭᠤᠣᠯ ᠰᠡᠳᠦᠪᠲᠦ ᠬᠤᠭᠤᠯᠠᠨ ᠲᠢᠩᠬᠢᠮ ᠵᠡᠷᠭᠡ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠡᠭᠡ ᠪᠠᠶᠢᠵᠤ᠂ ᠳᠡᠭᠡᠳᠦ ᠲᠡᠰ ᠤᠨ ᠢᠳᠡᠭᠡᠨ ᠤᠮᠳᠠᠭᠠᠨ ᠪᠠ ᠥᠪᠡᠷᠮᠢᠴᠡ ᠢᠳᠡᠭᠡᠨ ᠤᠮᠳᠠᠭᠠᠨ ᠤ ᠦᠢᠯᠡᠴᠢᠯᠡᠭᠡ ᠢᠯᠡᠳᠲᠡ ᠨᠡᠮᠡᠭᠳᠡᠪᠡ᠃    ᠭᠤᠷᠪᠠ ᠳᠤ ᠠᠵᠢᠯᠯᠠᠭ᠎ᠠ ᠪᠠᠨ ᠪᠠᠶᠠᠯᠢᠭᠵᠢᠭᠤᠯᠵᠤ᠂ ᠤᠯᠠᠨ ᠡᠰᠢᠴᠢᠯᠡᠭᠰᠡᠨ ᠠᠬᠤᠢ ᠪᠠᠶᠢᠳᠠᠯ ᠬᠥᠮᠦᠰ ᠤᠨ ᠬᠦᠷᠢᠶᠡᠯᠡᠯ ᠢ ᠤᠯᠪᠠ᠃ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠥᠨᠳᠡᠯᠡᠨ ᠭᠤᠯᠳᠤ ᠵᠡᠭᠡᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠦᠷᠢᠶᠡᠨ ᠤ ᠠᠮᠲᠠᠲᠤ ᠢᠳᠡᠭᠡᠨ ᠤ ᠵᠡᠭᠡᠯᠢ ᠶᠢᠨ《 ᠰᠥᠨᠢ ᠶᠢᠨ ᠠᠵᠤ ᠠᠬᠤᠶ 》᠂ ᠬᠠᠲᠤᠨ ᠭᠤᠤᠯ ᠤᠨ ᠥᠯᠢᠭᠡᠷᠲᠦ ᠠᠮᠲᠠᠲᠤ ᠢᠳᠡᠭᠡᠨ ᠤ ᠤᠯᠠᠷᠢᠯ ᠵᠢᠴᠢ《 ᠰᠣᠶᠣᠯ ᠵᠢᠭᠤᠯᠴᠢᠯᠠᠯ ᠤᠨ ᠵᠢᠶᠠ ᠨᠢᠶᠡᠨ ᠬᠤᠸᠠ 》 ᠤᠨ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠠᠬᠤᠢ ᠪᠠᠶᠢᠳᠠᠯ ᠤᠨ ᠤᠷᠠᠨ ᠲᠣᠭᠯᠠᠯᠲᠠ᠂ ᠠᠮᠲᠠᠲᠤ ᠢᠳᠡᠭᠡᠨ ᠤ ᠪᠠᠶᠠᠷᠲᠤ ᠤᠯᠠᠷᠢᠯ᠂ ᠪᠡᠯᠡᠳᠬᠡᠯ ᠬᠠᠶᠢᠷᠴᠠᠭ ᠤᠨ ᠵᠠᠬ᠎ᠠ ᠳᠡᠯᠭᠡᠭᠦᠷ᠂ ᠰᠣᠶᠣᠯ ᠤᠨ ᠡᠭᠦᠳᠦᠯᠲᠡ ᠶᠢᠨ ᠬᠡᠷᠡᠭᠯᠡᠭᠡ ᠶᠢ ᠳᠦᠭᠦᠷᠡᠩ ᠪᠡᠯᠡᠭᠯᠡᠬᠦ᠂ ᠺᠠᠷᠲ ᠴᠣᠬᠢᠵᠤ ᠲᠠᠮᠠᠭ᠎ᠠ ᠴᠤᠭᠯᠠᠭᠤᠯᠬᠤ ᠵᠡᠷᠭᠡ ᠥᠪᠡᠷᠮᠢᠴᠡ ᠣᠨᠴᠠᠯᠢᠭᠲᠤ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂《 ᠲᠣᠭᠤᠷᠢᠵᠤ ᠪᠣᠯᠬᠤ᠂ ᠨᠠᠭᠠᠳᠴᠤ ᠪᠣᠯᠬᠤ᠂ ᠬᠤᠳᠠᠯᠳᠤᠨ ᠠᠪᠴᠤ ᠪᠣᠯᠬᠤ᠂ ᠡᠳ᠋ᠯᠡᠵᠦ ᠪᠣᠯᠬᠤ 》ᠬᠡᠷᠡᠭᠯᠡᠭᠡ ᠶᠢᠨ ᠠᠬᠤᠶ ᠪᠠᠶᠢᠳᠠᠯ ᠢ ᠪᠣᠶ ᠪᠣᠯᠭᠠᠵᠤ᠂ ᠪᠣᠶ ᠪᠥᠬᠦᠶ ᠬᠤᠲᠠ ᠶᠢᠨ ᠠᠷᠠᠳ ᠨᠠᠶᠢᠵᠠ ᠨᠠᠷ ᠪᠣᠯᠤᠨ ᠪᠤᠭᠤᠲᠤ ᠳᠤ ᠢᠷᠡᠭᠰᠡᠨ ᠵᠤᠭᠠᠴᠠᠭᠰᠠᠳ ᠲᠤ ᠡᠯᠪᠡᠭ ᠪᠠᠶᠠᠯᠢᠭ ᠵᠤᠭ᠎ᠠ ᠴᠡᠩᠭᠡᠯ ᠤᠨ ᠣᠶᠢᠯᠠᠭᠠᠯᠲᠠ ᠣᠯᠭᠤᠬᠤ ᠶᠢᠨ ᠬᠠᠮᠲᠤ ᠣᠶᠢᠷ᠎ᠠ ᠬᠠᠪᠢ ᠶᠢᠨ ᠬᠤᠨᠣᠵᠤ ᠬᠡᠪᠲᠡᠬᠦ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ ᠵᠡᠷᠭᠡ ᠬᠡᠷᠡᠭᠯᠡᠭᠡ ᠶᠢ ᠳᠠᠶᠢᠴᠢᠯᠠᠨ᠂ ᠰᠠᠶᠢᠨ ᠰᠠᠶᠢᠬᠠᠨ ᠣᠷᠴᠢᠯ ᠢ ᠪᠣᠶ ᠪᠣᠯᠭᠠᠵᠤ᠂ ᠠᠵᠢᠯᠯᠠᠭ᠎ᠠ ᠨᠢ ᠢᠯᠡᠳᠲᠡ ᠦᠷ᠎ᠡ ᠪᠦᠲᠦᠮᠵᠢ ᠤᠯᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号