《 ᠭᠢᠷᠠᠬᠠᠶ ᠨᠢᠳᠦ 》ᠠᠶᠤᠯ ᠲᠦᠭᠰᠢᠭᠦᠷᠢ ᠶᠢ ᠲᠠᠨᠢᠵᠤ ᠂ 《 ᠠᠮᠤᠷ ᠲᠦᠪᠰᠢᠨ ᠬᠡᠮᠡᠷᠯᠢᠭ ᠤᠭᠤᠲᠠ》ᠭᠡᠷ ᠣᠷᠣᠨ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2025/5/13
    ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠥᠪᠡᠷ ᠢ ᠪᠠᠨ ᠰᠡᠷᠭᠡᠶᠢᠯᠡᠨ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠰᠢᠩ ᠶᠤᠸᠠᠨ ᠭᠡᠷ ᠬᠤᠷᠢᠶᠠᠯᠠᠯ ᠨᠢ ᠬᠥᠨᠳᠡᠯᠡᠨ ᠲᠣᠭᠤᠷᠢᠭ ᠤᠨ ᠵᠧᠩ ᠰᠢᠤᠸᠠᠨ ᠭᠠᠯ ᠤᠨᠲᠠᠷᠠᠭᠠᠬᠤ ᠤᠬᠠᠭᠤᠯᠭ᠎ᠠ ᠶᠢᠨ ᠲᠥᠪ ᠲᠠᠢ ᠬᠠᠮᠲᠤᠷᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠮᠡᠳᠡᠯᠭᠡ ᠶᠢᠨ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠭᠡᠷ ᠬᠤᠷᠢᠶᠠᠯᠠᠯ ᠤᠨ ᠮᠠᠰᠢ ᠣᠯᠠᠨ ᠰᠠᠭᠤᠭᠠᠯᠢ ᠠᠷᠠᠳ ᠢ ᠲᠠᠲᠠᠨ ᠢᠳᠡᠪᠬᠢᠲᠡᠶ ᠣᠷᠣᠯᠴᠠᠭᠤᠯᠪᠠ᠃
11.jpg
    ᠪᠤᠯᠪᠠᠰᠤᠷᠠᠯ ᠤᠨ ᠳᠤᠮᠳᠠ᠂ ᠭᠠᠯ ᠤᠨᠲᠠᠷᠠᠭᠠᠬᠤ ᠰᠤᠷᠭᠠᠭᠴᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠨ᠎ᠠ᠃ ᠣᠶᠢᠷ᠎ᠠ ᠶᠢᠨ ᠵᠢᠯ ᠤᠨ ᠭᠠᠯ ᠤᠨ ᠠᠶᠤᠯ ᠤᠨ ᠨᠡᠶᠢᠲᠡᠯᠢᠭ ᠬᠡᠷᠡᠭ ᠤᠨ ᠵᠢᠷᠤᠭ ᠪᠣᠯᠤᠨ ᠬᠠᠷᠠᠭᠠᠨ ᠳᠠᠪᠲᠠᠮᠵᠢ ᠶᠢ ᠳᠡᠯᠭᠡᠨ ᠦᠵᠡᠭᠦᠯᠬᠦ ᠪᠠᠷ ᠳᠠᠮᠵᠢᠨ᠂ ᠰᠠᠭᠤᠭᠠᠯᠢ ᠠᠷᠠᠳ ᠲᠤ ᠭᠠᠯ ᠤᠨ ᠠᠶᠤᠯ ᠤᠨ ᠬᠦᠨᠳᠦ ᠨᠣᠴᠢᠲᠠᠶ ᠬᠥᠨᠥᠭᠡᠯ ᠪᠣᠯᠤᠨ ᠭᠠᠯ ᠤᠨ ᠠᠶᠤᠯ ᠢ ᠰᠡᠷᠭᠡᠶᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠭᠤᠯᠪᠠ᠃ ᠡᠳᠤᠷ ᠲᠤᠳᠤᠮ ᠤᠨ ᠠᠮᠢᠳᠤᠷᠠᠯ ᠳᠤᠮᠳᠠ ᠦᠷᠭᠦᠯᠵᠢ ᠲᠤᠬᠢᠶᠠᠯᠳᠤᠳᠠᠭ ᠭᠠᠯ ᠤᠨ ᠠᠶᠤᠯ ᠤᠨ ᠳᠠᠯᠳᠠ ᠭᠡᠮ ᠳᠤ ᠴᠢᠭᠯᠡᠭᠦᠯᠦᠨ᠂ ᠵᠢᠱᠢᠶᠡᠯᠡᠪᠡᠯ ᠴᠠᠬᠢᠯᠭᠠᠨ ᠲᠥᠬᠦᠭᠡᠷᠦᠮᠵᠢ ᠶᠢ ᠵᠣᠬᠢᠰ ᠦᠭᠡᠶ ᠬᠡᠷᠡᠭᠯᠡᠭᠰᠡᠨ᠂ ᠰᠢᠲᠠᠮᠠᠬᠠᠶ ᠬᠡᠢ ᠯᠡᠪᠡᠷᠡᠬᠦ᠂ ᠲᠠᠮᠠᠬᠢᠨ ᠲᠣᠯᠣᠭᠠᠶ ᠪᠠᠨ ᠳᠤᠷ᠎ᠠ ᠪᠠᠷ ᠬᠠᠶᠠᠬᠤ᠂ ᠴᠠᠬᠢᠯᠭᠠᠨ ᠬᠥᠳᠡᠯᠭᠡᠭᠦᠷᠲᠦ ᠲᠡᠷᠭᠡ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ ᠵᠡᠷᠭᠡ ᠳᠠᠯᠳᠠ ᠭᠡᠮ᠂ ᠰᠤᠷᠭᠠᠭᠴᠢ ᠠᠴᠠ ᠨᠠᠷᠢᠨ ᠵᠠᠳᠠᠯᠤᠯᠲᠠ ᠬᠢᠵᠦ᠂ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠳᠤᠮᠳᠠ ᠭᠠᠯ ᠴᠠᠬᠢᠯᠭᠠᠨ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠰᠠᠨᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠤᠨ ᠴᠠᠬᠢᠯᠭᠠᠨ ᠬᠡᠷᠡᠭᠰᠡᠯ᠂ ᠰᠢᠲᠠᠮᠠᠬᠠᠶ ᠬᠡᠢ ᠶᠢᠨ ᠬᠤᠭᠤᠯᠠᠶ ᠵᠡᠷᠭᠡ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠎ᠠ᠃ ᠡᠭᠦᠨ ᠠᠴᠠ ᠭᠠᠳᠠᠨ᠎ᠠ᠂ ᠰᠤᠷᠭᠠᠭᠴᠢ ᠠᠴᠠ ᠪᠠᠰᠠ ᠭᠠᠯ ᠤᠨ ᠠᠶᠤᠯ ᠡᠭᠦᠰᠬᠦ ᠦᠶ᠎ᠡ ᠶᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ ᠠᠷᠭ᠎ᠠ ᠶᠢᠨ ᠲᠤᠬᠠᠶ ᠵᠢᠭᠠᠨ ᠰᠤᠷᠭᠠᠵᠤ᠂ ᠠᠭᠤᠯᠭ᠎ᠠ ᠨᠢ ᠵᠥᠪ ᠲᠦᠭᠰᠢᠭᠦᠷᠢ ᠮᠡᠳᠡᠭᠡᠯᠡᠬᠦ ᠠᠷᠭ᠎ᠠ ᠬᠡᠯᠪᠡᠷᠢ᠂ ᠠᠮᠢ ᠵᠢᠭᠤᠲᠠᠬᠤ ᠵᠠᠮ ᠱᠤᠭᠤᠮ ᠢ ᠰᠣᠩᠭᠤᠬᠤ᠂ ᠣᠲᠤᠭ᠎ᠠ ᠤᠨᠢᠶᠠᠷᠲᠤ ᠣᠷᠴᠢᠨ ᠲᠣᠭᠤᠷᠢᠨ ᠳᠤ ᠠᠮᠤᠷ ᠲᠦᠪᠰᠢᠨ ᠢᠶᠠᠷ ᠲᠠᠷᠬᠠᠭᠠᠬᠤ ᠤᠷ᠎ᠠ ᠮᠡᠷᠭᠡᠵᠢᠯ ᠵᠡᠷᠭᠡ ᠶᠢ ᠪᠠᠭᠲᠠᠭᠠᠵᠠᠶ᠃ ᠡᠭᠦᠨ ᠤ ᠬᠠᠮᠲᠤ᠂ ᠭᠠᠯ ᠤᠨ ᠭᠠᠮᠰᠢᠭ ᠲᠣᠬᠢᠶᠠᠯᠳᠤᠪᠠᠯ ᠯᠠᠪᠳᠠᠭᠤᠨ ᠲᠣᠭᠲᠠᠭᠤᠨ ᠪᠠᠶᠢᠵᠤ᠂ ᠭᠠᠯ ᠤᠨ ᠬᠥᠭᠵᠢᠯᠲᠡ ᠶᠢᠨ ᠪᠠᠶᠢᠳᠠᠯ ᠵᠢᠴᠢ ᠠᠶᠤᠯᠲᠤ ᠣᠷᠣᠨ ᠳᠤ ᠦᠳᠲᠡᠷ ᠲᠦᠷᠭᠡᠨ ᠮᠠᠭᠠᠳᠯᠠᠯᠲᠠ ᠬᠢᠬᠦ ᠶᠢᠨ ᠬᠠᠮᠲᠤ᠂ ᠠᠮᠢ ᠵᠢᠭᠤᠲᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠦ ᠴᠢᠬᠤᠯᠠᠴᠢᠯᠠᠪᠠ᠃    ᠲᠤᠰ ᠤᠳᠠᠭᠠᠨ ᠤ ᠪᠤᠯᠪᠠᠰᠤᠷᠠᠯ ᠨᠢ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠠᠶ᠂ ᠣᠯᠠᠨ ᠢᠶᠠᠷ ᠢᠶᠠᠨ ᠲᠤᠰ ᠤᠳᠠᠭᠠᠨ ᠤ ᠰᠤᠷᠤᠯᠴᠠᠯᠭ᠎ᠠ ᠪᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠪᠠ᠂ ᠬᠤᠶᠢᠰᠢᠳᠠ ᠳᠡᠷᠭᠡᠳᠡᠬᠢ ᠭᠠᠯ ᠤᠨᠲᠠᠷᠠᠭᠠᠬᠤ ᠠᠮᠤᠷ ᠲᠦᠪᠰᠢᠨ ᠢ ᠨᠡᠩ ᠢᠯᠡᠭᠦᠦ ᠠᠩᠬᠠᠷᠬᠤ ᠪᠣᠯᠤᠨ᠎ᠠ ᠭᠡᠵᠦ ᠢᠯᠡᠷᠬᠡᠶᠢᠯᠡᠵᠡᠶ᠃ ᠲᠠᠷᠠᠭᠠᠴᠢ ᠪᠠᠷ᠂ ᠰᠢᠩ ᠶᠤᠸᠠᠨ ᠭᠡᠷ ᠬᠤᠷᠢᠶᠠᠯᠠᠯ ᠨᠢ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠠᠮᠲᠤ ᠪᠠᠷ ᠣᠷᠣᠯᠴᠠᠭᠤᠯᠵᠤ᠂ ᠠᠮᠤᠷ ᠲᠦᠪᠰᠢᠨ ᠲᠣᠭᠲᠠᠭᠤᠨ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号