ᠨᠠᠮ ᠪᠠ ᠣᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠵᠤ ᠬᠥᠭᠦᠷᠭᠡ ᠪᠤᠰᠬᠠᠨ᠂  ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠪᠠᠨ ᠵᠠᠢ ᠦᠭᠡᠢ ᠪᠤᠯᠭᠠᠬᠤ
ᠨᠡᠶᠢᠲᠡᠯᠡᠭᠰᠡᠨ ᠴᠠᠭ᠄
2025/5/13
    ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠬᠦ  ᠶᠢᠨ ᠲᠥᠯᠥᠭᠡ᠂ ᠬᠤᠶᠠᠷᠬᠤᠳᠳᠤᠭ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠨᠠᠮ ᠤᠨ ᠪᠠᠶᠢᠭᠤᠯᠤᠯᠲᠠ ᠶᠢᠨ ᠡᠮᠦᠨ᠎ᠡ ᠹᠷᠣᠨᠲ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠨᠠᠮ ᠪᠠ ᠠᠷᠠᠳ ᠣᠯᠠᠨ ᠤ ᠴᠢᠰᠤ ᠮᠢᠬᠠᠨ ᠤ ᠬᠠᠷᠢᠯᠴᠠᠭ᠎ᠠ ᠶᠢ ᠨᠢᠭᠲᠠᠷᠠᠭᠤᠯᠬᠤ ᠴᠢᠬᠤᠯᠠ ᠬᠤᠯᠪᠣᠭᠠᠰᠤ ᠪᠣᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠦᠢᠯᠡᠴᠢᠯᠡᠭᠡ ᠶᠢᠨ ᠦᠨᠳᠦᠰᠦᠨ ᠤᠷᠤᠨ ᠳᠤ ᠪᠤᠴᠠᠬᠤ ᠶᠢ ᠬᠦᠴᠦᠯᠡᠨ ᠠᠬᠢᠭᠤᠯᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡ ᠶᠢ ᠦᠨᠡᠨ ᠬᠦ《 ᠭᠤᠤᠯ 》 ᠠᠴᠠ ᠣᠯᠠᠨ ᠲᠦᠮᠡᠨ ᠤ《 ᠰᠡᠳᠬᠢᠯ 》 ᠳᠤ ᠬᠠᠳᠠᠩᠰᠢᠭᠤᠯᠤᠨ᠎ᠠ᠃
11.jpg
    ᠣᠶᠢᠷ᠎ᠠ ᠶᠢᠨ ᠬᠤᠭᠤᠴᠠᠭᠠᠨ ᠳᠤ᠂ ᠬᠤᠶᠠᠷᠬᠤᠳᠳᠤᠭ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ《 ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭᠲᠠᠶ ᠪᠠᠶᠢᠬᠤ᠂ ᠠᠷᠠᠳ ᠲᠤ ᠠᠰᠢᠭ ᠬᠦᠷᠲᠡᠭᠡᠬᠦ 》ᠦᠢᠯᠡᠴᠢᠯᠡᠭᠡᠨ ᠤ ᠣᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠳᠣᠲᠣᠨᠣ ᠦᠢᠯᠡᠴᠢᠯᠡᠭᠡ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ ᠨᠠᠰᠤᠲᠠᠶᠢᠴᠤᠳ ᠤᠨ ᠪᠦᠯᠦᠭᠯᠡᠯ ᠳᠤ ᠴᠢᠭᠯᠡᠭᠦᠯᠦᠨ᠂ ᠠᠵᠢᠯᠲᠠᠳ ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠦᠵᠡᠭᠦᠯᠦᠨ᠂ ᠲᠡᠳᠡᠨ ᠢ ᠬᠠᠪᠰᠤᠷᠤᠨ ᠡᠯ᠎ᠡ ᠵᠦᠢᠯ ᠤᠨ ᠬᠦᠰᠦᠨᠦᠭᠲᠦ ᠶᠢ ᠲᠠᠭᠯᠠᠨ ᠪᠢᠴᠢᠬᠦ ᠪᠠᠨ ᠪᠡᠶᠡᠯᠡᠭᠦᠯᠪᠡ︔ ᠲᠥᠷᠥ ᠶᠢᠨ ᠪᠣᠳᠣᠯᠭ᠎ᠠ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠤ ᠡᠮᠦᠨ᠎ᠡ᠂ ᠠᠵᠢᠯᠲᠠᠳ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ︔ ᠰᠣᠶᠣᠯ ᠤᠨ ᠬᠢᠷᠢ ᠲᠦᠪᠰᠢᠨ ᠢᠶᠠᠷ ᠨᠡᠯᠢᠶᠡᠳ ᠳᠣᠣᠷ᠎ᠠ ᠲᠣᠰᠬᠤᠨ ᠤ ᠠᠷᠠᠳ ᠲᠤ᠂ ᠠᠵᠢᠯᠲᠠᠳ ᠠᠳᠠᠯᠢᠬᠠᠨ ᠢᠶᠠᠷ ᠭᠦᠢᠴᠡᠳ ᠬᠦᠯᠢᠴᠡᠩᠭᠦᠢ ᠪᠠᠶᠢᠵᠤ᠂ ᠪᠦᠬᠦ ᠶᠠᠪᠤᠴᠠ ᠳᠤ ᠬᠠᠪᠰᠤᠷᠤᠨ ᠮᠠᠲ᠋ᠧᠷᠢᠶᠠᠯ ᠲᠠᠭᠯᠠᠨ ᠪᠢᠴᠢᠪᠡ᠃ ᠡᠭᠦᠨ ᠠᠴᠠ ᠭᠠᠳᠠᠨ᠎ᠠ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠠᠵᠢᠯᠲᠠᠳ ᠦᠢᠯᠡᠴᠢᠯᠡᠭᠡᠨ ᠤ ᠴᠤᠩᠬᠤᠪᠴᠢ ᠳᠤ ᠡᠯ᠎ᠡ ᠲᠥᠷᠥᠯ ᠤᠨ ᠬᠦᠰᠦᠨᠦᠭᠲᠦ ᠲᠠᠭᠯᠠᠬᠤ ᠥᠯᠢᠭᠡᠷ ᠳᠡᠪᠲᠡᠷ ᠢ ᠨᠠᠷᠢᠨ ᠨᠢᠮᠪᠠᠶ ᠪᠡᠯᠡᠳᠬᠡᠵᠦ᠂ ᠣᠯᠠᠨ ᠲᠦᠮᠡᠨ ᠳᠤ ᠯᠠᠪᠯᠠᠯᠲᠠ ᠪᠣᠯᠭᠠᠬᠤ ᠳᠤ ᠲᠥᠬᠦᠮ ᠦᠵᠡᠭᠦᠯᠦᠨ᠂ ᠠᠵᠢᠯ ᠶᠠᠪᠤᠳᠠᠯ ᠭᠦᠢᠴᠡᠳᠭᠡᠬᠦ ᠴᠠᠭ ᠢ ᠪᠦᠲᠦᠮᠵᠢᠲᠡᠶ ᠪᠣᠭᠤᠨᠢᠰᠬᠠᠨ᠂ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠨᠡᠶᠢᠳᠡᠮ ᠬᠡᠷᠡᠭᠵᠢᠭᠦᠯᠵᠦ᠂ ᠨᠠᠮ ᠪᠠ ᠣᠯᠠᠨ ᠲᠦᠮᠡᠨ ᠤ ᠬᠤᠭᠤᠷᠣᠨᠳᠣᠬᠢ ᠨᠡᠪᠲᠡᠷᠡᠯᠴᠡᠭᠡ ᠶᠢ  ᠵᠠᠢ ᠦᠭᠡᠢ ᠪᠠᠨ ᠦᠨᠡᠨ ᠬᠦ ᠪᠡᠶᠡᠯᠡᠭᠦᠯᠪᠡ᠃    ᠲᠠᠷᠠᠭᠠᠴᠢ ᠪᠠᠷ᠂ ᠮᠠᠨ ᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ᠬᠤᠭᠤᠷᠣᠨᠳᠣᠬᠢ ᠬᠥᠭᠦᠷᠭᠡ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠴᠤ ᠬᠠᠮᠢᠶ᠎ᠠ ᠦᠭᠡᠢ᠂ ᠠᠮᠢᠳᠤᠷᠠᠯ ᠤᠨ ᠦᠢᠯᠡᠴᠢᠯᠡᠭᠡ ᠴᠤ ᠭᠡᠰᠡᠨ ᠥᠬᠡᠶ᠂ ᠵᠠᠰᠠᠭ ᠤᠨ ᠶᠠᠪᠤᠳᠠᠯ ᠤᠨ ᠭᠦᠢᠴᠡᠳᠬᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠴᠤ ᠭᠡᠰᠡᠨ ᠥᠬᠡᠶ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠴᠥᠮ ᠪᠥᠬᠦ ᠲᠠᠯ᠎ᠠ ᠪᠠᠷ ᠬᠦᠴᠦᠯᠡᠵᠦ᠂ ᠬᠠᠯᠠᠭᠤᠨ ᠳᠣᠲᠣᠨᠣ ᠦᠢᠯᠡᠴᠢᠯᠡᠭᠡᠨ ᠤ ᠠᠮᠢ ᠠᠬᠤᠶ ᠶᠢᠨ ᠲᠣᠭᠤᠷᠢᠭ ᠢ ᠪᠠᠶᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号