ᠠᠷᠠᠳ ᠤᠨ ᠰᠠᠨᠠᠯ ᠢ ᠰᠣᠨᠣᠰᠴᠤ᠂ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ ᠬᠠᠮᠲᠤᠪᠠᠷ ᠵᠢᠷᠤᠭᠯᠠᠶ᠎ᠠ ——ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ《 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ 》 ᠲᠤ ᠣᠷᠣᠪᠠ
ᠨᠡᠶᠢᠲᠡᠯᠡᠭᠰᠡᠨ ᠴᠠᠭ᠄
2025/5/13
  《 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ 》 ᠤᠨ ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠨᠡᠪᠲᠡᠷᠡᠯᠴᠡᠬᠦ《 ᠰᠡᠳᠬᠢᠯ ᠤᠨ ᠬᠤᠯᠪᠣᠭᠠᠰᠤ 》 ᠶᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠶᠢᠨ ᠲᠥᠯᠥᠭᠡ᠃ ᠣᠶᠢᠷ᠎ᠠ ᠳᠤ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠰᠠᠶᠢᠬᠠᠨ ᠵᠡᠭᠡᠯᠢ ᠭᠤᠳᠤᠮᠵᠢ ᠪᠠ ᠰᠠᠷᠠᠭᠤᠯ ᠵᠡᠭᠡᠯᠢ ᠭᠤᠳᠤᠮᠵᠢ ᠪᠠᠷ ᠬᠦᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠨᠢᠭᠤᠷᠲᠠᠨ ᠰᠠᠨᠠᠯ ᠢᠶᠠᠨ ᠰᠣᠯᠢᠯᠴᠠᠵᠤ᠂《 ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠣᠶᠤᠨ ᠤᠬᠠᠭᠠᠨ ᠢ ᠬᠤᠷᠠᠮᠳᠤᠭᠤᠯᠤᠨ᠂ ᠠᠷᠠᠳ ᠤᠨ ᠰᠠᠨᠠᠭᠠᠰᠢᠷᠠᠯ ᠢ ᠠᠷᠢᠯᠭᠠᠬᠤ 》ᠪᠣᠳᠠᠲᠠᠶ ᠶᠢ ᠡᠷᠬᠢᠮᠯᠡᠭᠰᠡᠨ ᠠᠵᠢᠯᠯᠠᠭ᠎ᠠ ᠪᠠᠷ ᠳᠠᠮᠵᠢᠭᠤᠯᠤᠨ᠂ ᠬᠤᠳᠠᠯᠳᠤᠭᠠᠨ ᠤ ᠶᠠᠪᠤᠳᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃
111.jpg
    ᠬᠤᠷᠠᠯ ᠳᠡᠭᠡᠷ᠎ᠡ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠤᠳᠤᠷᠢᠳᠤᠯᠭ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠨᠠᠷᠢᠨ ᠲᠠᠨᠢᠯᠴᠠᠭᠤᠯᠵᠤ᠂ ᠡᠨᠡ ᠵᠢᠯ ᠠᠴᠠ ᠨᠠᠭᠠᠰᠢᠬᠢ ᠬᠤᠳᠠᠯᠳᠤᠭᠠᠨ ᠤ ᠶᠠᠪᠤᠳᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ︔ ᠡᠭᠦᠨ ᠤ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤᠰᠬᠠᠶ ᠮᠡᠷᠭᠡᠵᠢᠯ ᠤᠨ ᠬᠠᠷᠠᠭᠠᠰᠤ ᠪᠠ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠳᠡᠭᠡᠨ ᠰᠠᠭᠤᠷᠢᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠢᠨ᠎ᠡ ᠪᠠᠷ ᠬᠥᠭᠵᠢᠭᠰᠡᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃    ᠲᠠᠷᠠᠭᠠᠴᠢ ᠪᠠᠷ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠡᠷ ᠲᠡᠭᠡᠨ ᠣᠷᠣᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠨᠠᠯ ᠬᠤᠷᠢᠶᠠᠬᠤ ᠠᠷᠭ᠎ᠠ ᠵᠠᠮ ᠢᠶᠠᠨ ᠲᠠᠰᠤᠷᠠᠯᠲᠠ ᠥᠬᠡᠶ ᠥᠷᠭᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠦᠨᠡᠨ ᠬᠦ ᠬᠤᠳᠠᠯᠳᠤᠭᠠᠨ ᠤ ᠶᠠᠪᠤᠳᠠᠯ ᠤᠨ ᠠᠵᠢᠯ ᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠴᠢᠭᠯᠡᠯ ᠪᠣᠯᠭᠠᠨ ᠬᠤᠪᠢᠷᠠᠭᠤᠯᠵᠤ᠂ ᠬᠡᠷ ᠲᠡᠭᠡᠨ ᠤᠷᠤᠭᠰᠠᠨ ᠦᠷ᠎ᠡ ᠪᠦᠲᠦᠭᠡᠯ ᠢ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠦᠴᠦ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号