ᠡᠷᠡᠭᠦᠯ ᠮᠡᠨᠳᠦ ᠶᠢᠨ ᠬᠡᠷᠡᠭᠴᠡᠭᠡ ᠡᠳᠦᠷ ᠢᠷᠡᠬᠦᠶ᠎ᠡ ᠣᠯᠠᠨ ᠡᠰᠢᠵᠢᠵᠦ ᠪᠠᠶᠢᠭ᠎ᠠ ᠥᠨᠥᠳᠦᠷ᠂ ᠬᠥᠳᠡᠯᠵᠦ | ᠪᠠᠷᠢᠬᠤ ᠳᠤ ᠳᠥᠭᠦᠮ ᠦᠭᠡᠢ ᠡᠪᠡᠳᠴᠢᠲᠡᠨ ᠳᠤ ᠬᠡᠷᠬᠢᠨ ᠰᠢᠯᠢᠳᠡᠭ᠂ ᠳᠥᠭᠦᠮ ᠳᠥᠲᠡ ᠡᠮᠴᠢᠯᠡᠭᠡᠨ ᠤ | ᠦᠢᠯᠡᠴᠢᠯᠡᠭᠡ ᠶᠢ ᠡᠳ᠋ᠯᠡᠭᠦᠯᠬᠦ ᠨᠢ ᠨᠡᠶᠢᠭᠡᠮ ᠤᠨ ᠠᠩᠬᠠᠷᠤᠯ ᠤᠨ ᠲᠥᠪ ᠪᠣᠯᠵᠣ ᠪᠠᠶᠢᠨ᠎ᠠ᠃ ᠵᠢᠦ ᠶᠤᠸᠠᠨ | ᠲᠣᠭᠤᠷᠢᠭ ᠤᠨ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠡᠷ ᠬᠤᠷᠢᠶᠠᠯᠠᠯ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠡᠳᠡᠨ ᠤ ᠭᠤᠶᠢᠳᠠ ᠰᠠᠶᠢᠬᠠᠨ ᠬᠠᠷᠢᠭᠤᠯᠲᠠ ᠶᠢ ᠥᠭᠪᠡ —— | ᠡᠷᠦᠬᠡ ᠳᠤ ᠣᠷᠣᠵᠤ ᠡᠮᠴᠢᠯᠡᠭᠡᠨ ᠤ ᠦᠢᠯᠡᠴᠢᠯᠡᠭᠡ ᠬᠢᠬᠦ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠬᠠᠯᠠᠮᠵᠢᠯᠠᠯ ᠢ | ᠬᠡᠷ ᠪᠦᠯᠢ ᠶᠢᠨ ᠡᠪᠡᠳᠴᠢᠲᠡᠨ ᠤ ᠣᠷᠣ ᠨᠢᠭᠡᠪᠦᠷᠢ ᠶᠢᠨ ᠳᠡᠷᠭᠡᠳᠡ ᠬᠦᠷᠭᠡᠪᠡ᠃ | | | | 5 ᠰᠠᠷ᠎ᠠ ᠶᠢᠨ 7 ᠤ ᠦᠳᠡ ᠶᠢᠨ ᠬᠤᠶᠢᠨ᠎ᠠ᠂ ᠯᠢ ᠯᠢ ᠡᠮᠴᠢ ᠪᠣᠯᠤᠨ ᠰᠤᠪᠢᠯᠠᠭᠴᠢ ᠰᠢᠶᠠ ᠴᠢᠶᠦ᠋ᠩ᠂ | ᠳᠦᠭᠦᠷᠡᠩ ᠡᠮᠴᠢᠯᠡᠭᠡᠨ ᠤ ᠲᠥᠬᠦᠭᠡᠷᠦᠮᠵᠢ ᠪᠣᠯᠤᠨ ᠬᠠᠶᠢᠷ᠎ᠠ ᠬᠠᠯᠠᠮᠵᠢ ᠪᠠᠨ ᠠᠪᠴᠤ᠂ ᠡᠷᠦᠭᠡ ᠳᠤ ᠣᠷᠣᠬᠤ | ᠠᠶᠠᠨ ᠢᠶᠠᠨ ᠡᠬᠢᠯᠡᠭᠦᠯᠵᠡᠢ᠃ ᠲᠡᠳᠡᠨ ᠤ ᠵᠣᠷᠢᠭᠰᠠᠨ ᠭᠠᠵᠠᠷ ᠪᠣᠯ ᠡᠯ᠎ᠡ ᠵᠦᠢᠯ ᠤᠨ ᠰᠢᠯᠲᠠᠭᠠᠨ ᠠᠴᠠ ᠪᠣᠯᠵᠣ | ᠡᠮᠨᠡᠯᠭᠡ ᠳᠤ ᠬᠦᠷᠴᠦ ᠳᠡᠶᠢᠯᠬᠦ ᠥᠬᠡᠶ᠂ ᠭᠡᠪᠡᠴᠦ ᠡᠮᠨᠡᠯᠭᠡ ᠶᠢᠨ ᠬᠠᠷᠠᠭᠠᠯᠵᠠᠯ ᠢ ᠪᠠᠴᠢᠮ ᠱᠠᠭᠠᠷᠳᠠᠵᠤ ᠪᠠᠶᠢᠭ᠎ᠠ ᠬᠡᠷ | ᠪᠦᠯᠢ ᠶᠢᠨ ᠡᠪᠡᠳᠴᠢᠲᠡᠨ ᠤ ᠬᠡᠷ ᠪᠣᠯᠤᠨ᠎ᠠ᠃ | ᠡᠪᠡᠳᠴᠢᠲᠡᠨ ᠤ ᠭᠡᠷ ᠲᠤ ᠬᠦᠷᠦᠭᠰᠡᠨ ᠤ ᠳᠠᠷᠠᠭ᠎ᠠ᠂ ᠯᠢ ᠯᠢ ᠡᠮᠴᠢ ᠳᠠᠷᠤᠢ ᠲᠦᠷᠭᠡᠨ ᠡᠷᠡᠭᠦᠯ ᠮᠡᠨᠳᠦ ᠶᠢᠨ | ᠪᠠᠶᠢᠴᠠᠭᠠᠯᠲᠠ ᠬᠢᠪᠡ᠃ ᠲᠡᠷᠡ ᠭᠠᠷ ᠲᠠᠭᠠᠨ ᠪᠠᠭᠠᠵᠢ ᠬᠡᠷᠡᠭᠰᠡᠯ ᠢᠶᠠᠨ ᠪᠠᠷᠢᠵᠤ᠂ ᠠᠩᠬᠠᠷᠤᠯ ᠢᠶᠠᠨ ᠲᠥᠪᠯᠡᠷᠡᠭᠦᠯᠦᠨ | ᠨᠠᠷᠢᠨ ᠬᠢᠨᠠᠮᠠᠭᠠᠢ ᠪᠠᠶᠢᠵᠤ᠂ ᠦᠨᠳᠦᠰᠦᠨ ᠠᠮᠢ ᠨᠠᠰᠤᠨ ᠤ ᠪᠡᠶ᠎ᠡ ᠶᠢᠨ ᠢᠯᠡᠷᠡᠯ ᠢ ᠬᠡᠮᠵᠢᠬᠦ ᠠᠴᠠ ᠪᠡᠶ᠎ᠡ ᠶᠢᠨ | ᠪᠠᠶᠢᠳᠠᠯ ᠢ ᠨᠠᠷᠢᠨ ᠦᠨᠡᠯᠡᠬᠦ ᠬᠦᠷᠲᠡᠯ᠎ᠡ᠂ ᠭᠤᠭᠴᠤᠭ᠎ᠠ ᠨᠢᠭᠡᠪᠦᠷᠢ ᠨᠢ ᠴᠥᠮ ᠬᠠᠭᠤᠮᠠᠭᠠᠢ ᠪᠢᠰᠢ ᠪᠠᠶᠢᠪᠠ᠃ ᠴᠢᠰᠤᠨ | ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠵᠢᠷᠦᠬᠡ ᠠᠭᠤᠰᠬᠢ ᠶᠢ ᠰᠣᠨᠣᠰᠬᠤ᠂ ᠡᠮ ᠰᠣᠯᠢᠬᠤ᠂ ᠠᠯᠢ | ᠣᠯᠠᠨ ᠪᠠᠶᠢᠴᠠᠭᠠᠯᠲᠠ ᠡᠮᠬᠢ ᠴᠡᠭ ᠲᠠᠢ ᠶᠠᠪᠤᠭᠳᠠᠵᠤ ᠪᠠᠶᠢᠨ᠎ᠠ᠂ ᠯᠢ ᠯᠢ ᠡᠮᠴᠢ ᠡᠯᠪᠡᠭ ᠪᠠᠶᠠᠯᠢᠭ ᠡᠮᠴᠢᠯᠡᠭᠡᠨ ᠤ | ᠲᠤᠷᠰᠢᠯᠭ᠎ᠠ ᠪᠠᠷ ᠢᠶᠠᠨ ᠡᠪᠡᠳᠴᠢᠲᠡᠨ ᠤ ᠡᠷᠡᠭᠦᠯ ᠮᠡᠨᠳᠦ ᠶᠢᠨ ᠪᠠᠶᠢᠳᠠᠯ ᠢ ᠣᠨᠣᠪᠴᠢᠲᠠᠶ ᠮᠠᠭᠠᠳᠯᠠᠵᠤ᠂ ᠨᠠᠷᠢᠨ | ᠲᠡᠮᠳᠡᠭᠯᠡᠵᠡᠶ᠃ | ᠡᠭᠦᠨ ᠤ ᠬᠠᠮᠲᠤ᠂ ᠰᠤᠪᠢᠯᠠᠭᠴᠢ ᠰᠢᠶᠠ ᠴᠢᠶᠦᠩ ᠪᠠᠰᠠ ᠵᠦᠭᠡᠷ ᠪᠠᠶᠢᠭᠰᠠᠨ ᠦᠭᠡᠢ᠃ ᠲᠡᠷᠡ | ᠬᠦᠯᠢᠴᠡᠩᠭᠦᠢ ᠪᠠᠷ ᠡᠪᠡᠳᠴᠢᠲᠡᠨ ᠳᠤ ᠡᠮ ᠬᠡᠷᠡᠭᠯᠡᠬᠦ ᠵᠢᠯᠤᠭᠤᠳᠤᠯᠭ᠎ᠠ ᠬᠢᠵᠦ᠂ ᠡᠮ ᠪᠣᠯᠭᠠᠨ ᠤ ᠤᠤᠭᠤᠬᠤ ᠠᠷᠭ᠎ᠠ᠂ | ᠡᠮ ᠤᠨ ᠬᠡᠮᠵᠢᠶ᠎ᠡ᠂ ᠠᠩᠬᠠᠷᠬᠤ ᠵᠦᠢᠯᠡᠰ ᠢ ᠬᠢᠯᠪᠠᠷ ᠣᠶᠢᠯᠠᠭᠠᠮᠵᠢᠲᠠᠢ ᠦᠭᠡ ᠪᠠᠷ ᠡᠪᠡᠳᠴᠢᠲᠡᠨ ᠵᠢᠴᠢ ᠭᠡᠷ | ᠪᠦᠯᠢ ᠶᠢᠨ ᠬᠢᠨ ᠳᠤ ᠲᠠᠶᠢᠯᠪᠤᠷᠢᠯᠠᠨ ᠥᠭᠪᠡ᠃ ᠡᠮ ᠢ ᠵᠥᠪ ᠬᠡᠷᠡᠭᠯᠡᠬᠦ ᠪᠣᠯ ᠡᠪᠡᠳᠴᠢᠨ ᠡᠮᠭᠡᠭ ᠢ ᠡᠮᠨᠡᠨ | ᠵᠠᠰᠠᠬᠤ ᠶᠢᠨ ᠵᠠᠩᠭᠢᠯᠠᠭ᠎ᠠ ᠮᠥᠨ ᠭᠡᠳᠡᠭ ᠢ ᠲᠡᠷᠡ ᠭᠦᠨ ᠣᠶᠢᠯᠠᠭᠠᠵᠤ᠂ ᠡᠪᠡᠳᠴᠢᠲᠡᠨ ᠤ ᠲᠣᠳᠣᠷᠬᠠᠶ ᠣᠶᠢᠯᠠᠭᠠᠬᠤ ᠶᠢ | ᠦᠨᠡᠨ ᠬᠦ ᠪᠠᠲᠤᠯᠠᠬᠤ ᠬᠡᠷᠡᠭᠲᠡᠶ ᠭᠡᠵᠦ ᠳᠠᠬᠢᠨ ᠳᠠᠪᠲᠠᠨ ᠰᠠᠨᠠᠭᠤᠯᠵᠤ ᠪᠠᠶᠢᠯ᠎ᠠ᠃ ᠡᠭᠦᠨ ᠢᠶᠠᠷ ᠪᠠᠷᠠᠬᠤ ᠥᠬᠡᠶ᠂ | ᠰᠢᠶᠠ ᠴᠢᠶᠦ᠋ᠩ ᠰᠤᠪᠢᠯᠠᠭᠴᠢ ᠪᠠᠰᠠ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠨᠳᠦᠰᠦᠯᠡᠨ᠂ ᠡᠷᠡᠭᠦᠯᠵᠢᠯ ᠤᠨ | ᠰᠤᠪᠢᠯᠠᠯᠲᠠ ᠶᠢᠨ ᠰᠠᠨᠠᠭᠤᠯᠭ᠎ᠠ ᠥᠭᠴᠦ᠂ ᠲᠤᠬᠠᠶ ᠶᠢᠨ ᠲᠠᠯᠠᠪᠠᠶ ᠳᠤ ᠵᠠᠷᠢᠮ ᠲᠥᠬᠦᠮ ᠪᠦᠲᠦᠮᠵᠢᠲᠡᠶ ᠡᠷᠡᠭᠦᠯᠵᠢᠯ ᠤᠨ | ᠪᠣᠯᠪᠠᠰᠤᠷᠠᠯ ᠤᠨ ᠬᠥᠳᠡᠯᠭᠡᠭᠡᠨ ᠢ ᠵᠢᠱᠢᠶ᠎ᠡ ᠦᠵᠡᠭᠦᠯᠦᠨ᠂ ᠡᠪᠡᠳᠴᠢᠲᠡᠨ ᠢ ᠬᠠᠪᠰᠤᠷᠤᠨ ᠪᠡᠶ᠎ᠡ ᠮᠠᠬᠠᠪᠣᠳ ᠤᠨ | ᠠᠵᠢᠯᠯᠠᠭ᠎ᠠ ᠶᠢ ᠨᠢ ᠨᠠᠩ ᠰᠠᠶᠢᠨ ᠰᠡᠷᠭᠦᠭᠡᠪᠡ᠃ | ᠡᠲᠡᠭᠡᠷ ᠭᠡᠷ ᠪᠦᠯᠢ ᠶᠢᠨ ᠣᠷᠣ ᠶᠢᠨ ᠡᠪᠡᠳᠴᠢᠲᠡᠨ ᠳᠤ ᠠᠪᠴᠤ ᠬᠡᠯᠡᠪᠡᠯ᠂ ᠯᠢ ᠯᠢ ᠡᠮᠴᠢ ᠪᠣᠯᠤᠨ ᠰᠢᠶᠠ | ᠴᠢᠶᠦ᠋ᠩ ᠰᠤᠪᠢᠯᠠᠭᠴᠢ ᠬᠦᠷᠴᠦ ᠢᠷᠡᠭᠰᠡᠨ ᠨᠢ ᠶᠠᠭ ᠯᠠ ᠬᠡᠷᠡᠯ ᠤᠨ ᠲᠤᠰᠤᠯᠲᠠ ᠠᠮᠢᠳᠤᠷᠠᠯ ᠳᠠᠭᠠᠨ ᠤᠷᠤᠭᠰᠠᠨ | ᠰᠢᠭ᠋ ᠪᠠᠶᠢᠯ᠎ᠠ᠃ ᠨᠢᠭᠡ ᠡᠪᠡᠳᠴᠢᠲᠡᠨ ᠰᠡᠳᠬᠢᠯ ᠳᠣᠭᠳᠣᠯᠤᠨ :《 ᠨᠠᠰᠤ ᠠᠬᠢᠵᠤ᠂ ᠪᠡᠶ᠎ᠡ ᠮᠠᠭᠤ ᠪᠠᠶᠢᠨ᠎ᠠ᠂ | ᠡᠮᠨᠡᠯᠭᠡ ᠳᠤ ᠨᠢᠭᠡ ᠤᠳᠠᠭ᠎ᠠ ᠣᠴᠢᠬᠤ ᠨᠢ ᠳᠡᠩᠳᠡᠭᠦᠦ ᠶᠠᠭᠠᠷᠠᠯᠲᠠᠢ ᠪᠠᠶᠢᠨ᠎ᠠ᠂ ᠤᠳᠤ ᠲᠠ ᠨᠠᠷ ᠭᠡᠷ ᠲᠤᠨᠢ ᠬᠦᠷᠴᠦ | ᠦᠢᠯᠡᠴᠢᠯᠡᠵᠦ ᠴᠢᠳᠠᠭᠰᠠᠨ ᠨᠢ ᠦᠨᠡᠬᠡᠷ ᠮᠠᠨ ᠤ ᠲᠤᠮᠤ ᠬᠦᠴᠢᠷ ᠠᠰᠠᠭᠤᠳᠠᠯ ᠢ ᠰᠢᠢᠳᠪᠦᠷᠢᠯᠡᠵᠡᠢ 》 | ᠭᠡᠵᠦ ᠬᠡᠯᠡᠪᠡ᠃ | ᠵᠢᠦ ᠶᠤᠸᠠᠨ ᠲᠣᠭᠤᠷᠢᠭ ᠤᠨ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠡᠷ ᠬᠤᠷᠢᠶᠠᠯᠠᠯ | ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠥᠷᠨᠢᠭᠦᠯᠦᠭᠰᠡᠨ ᠡᠨᠡ ᠬᠦ ᠡᠷᠦᠬᠡ ᠳᠤ ᠣᠷᠣᠬᠤ | ᠡᠮᠴᠢᠯᠡᠭᠡᠨ ᠤ ᠦᠢᠯᠡᠴᠢᠯᠡᠭᠡ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃ ᠡᠪᠡᠳᠴᠢᠲᠡᠨ ᠢ ᠭᠡᠷ ᠲᠡᠭᠡᠨ | ᠪᠦᠬᠦ ᠲᠠᠯ᠎ᠠ ᠶᠢᠨ ᠡᠮᠴᠢᠯᠡᠭᠡᠨ ᠤ ᠬᠠᠷᠠᠭᠠᠯᠵᠠᠯ ᠬᠦᠷᠲᠡᠭᠡᠵᠦ᠂ ᠡᠪᠡᠳᠴᠢᠲᠡᠨ ᠤ ᠲᠡᠮᠡᠦᠯᠬᠦ ᠵᠣᠪᠠᠭᠤᠷᠢ ᠶᠢ | ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ | ᠳᠡᠭᠡᠭᠰᠢᠯᠡᠭᠦᠯᠪᠡ᠃ ᠡᠨᠡ ᠬᠦ ᠠᠷᠭ᠎ᠠ ᠬᠡᠮᠵᠢᠶ᠎ᠡ ᠨᠢ《 ᠡᠪᠡᠳᠴᠢᠲᠡᠨ ᠢᠶᠠᠷ ᠭᠤᠤᠯ ᠪᠣᠯᠭᠠᠬᠤ 》ᠦᠢᠯᠡᠴᠢᠯᠡᠭᠡᠨ ᠤ | ᠤᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠬᠦ | ᠰᠥᠪᠡᠭᠴᠢᠯᠡᠯᠲᠡ ᠬᠢᠭᠰᠡᠨ ᠪᠠᠶᠢᠨ᠎ᠠ᠃ | ᠢᠷᠡᠭᠡᠳᠦᠶ ᠳᠤ᠂ ᠵᠢᠦ ᠶᠤᠸᠠᠨ ᠲᠣᠭᠤᠷᠢᠭ ᠤᠨ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠡᠷᠦᠬᠡ ᠳᠤ ᠬᠦᠷᠴᠦ ᠡᠮᠴᠢᠯᠡᠭᠡᠨ ᠤ | ᠦᠢᠯᠡᠴᠢᠯᠡᠭᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠶᠠᠪᠤᠴᠠ ᠶᠢ ᠲᠠᠰᠤᠷᠠᠯᠲᠠ ᠥᠬᠡᠶ | ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠠᠮᠤᠷᠬᠤ | ᠬᠡᠪᠴᠢᠶ᠎ᠡ ᠶᠢ ᠥᠷᠭᠡᠳᠬᠡᠨ᠂ ᠨᠠᠩ ᠣᠯᠠᠨ ᠬᠡᠷᠡᠭᠴᠡᠭᠡ ᠲᠠᠢ ᠡᠪᠡᠳᠴᠢᠲᠡᠨ ᠳᠤ ᠠᠰᠢᠭ ᠬᠦᠷᠲᠡᠭᠡᠨ᠎ᠡ᠃ ᠲᠡᠳᠡᠨ ᠤ | ᠴᠢᠷᠮᠠᠶᠢᠯᠭ᠎ᠠ ᠪᠠᠷ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ | ᠤᠯᠠᠮ ᠪᠠᠲᠤᠵᠢᠵᠤ᠂ ᠵᠣᠯ ᠵᠢᠷᠭᠠᠯᠲᠤ ᠠᠮᠢᠳᠤᠷᠠᠯ ᠴᠤ ᠤᠯᠠᠮ ᠪᠠᠲᠤᠯᠠᠭ᠎ᠠ ᠲᠠᠢ ᠪᠣᠯᠬᠤ ᠶᠢ ᠢᠲᠡᠭᠡᠵᠦ ᠪᠠᠶᠢᠨ᠎ᠠ᠃ | ᠬᠡᠷᠪᠡ ᠲᠠᠨ ᠤ ᠬᠠᠵᠠᠭᠤ ᠳᠤ ᠪᠠᠰᠠ ᠬᠠᠪᠰᠤᠷᠤᠭᠤᠯᠬᠤ ᠴᠢᠬᠤᠯᠠ ᠲᠠᠢ ᠭᠡᠷ ᠪᠦᠯᠢ ᠶᠢᠨ ᠡᠪᠡᠳᠴᠢᠲᠡᠨ ᠤ ᠣᠷᠣ | ᠪᠠᠶᠢᠪᠠᠯ᠂ ᠡᠰᠡᠬᠦᠯ᠎ᠡ ᠰᠠᠶᠢᠬᠠᠨ ᠭᠡᠷ ᠬᠤᠷᠢᠶᠠᠯᠠᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠡᠷᠦᠬᠡ ᠳᠤ ᠣᠷᠣᠬᠤ ᠡᠮᠴᠢᠯᠡᠭᠡᠨ ᠤ ᠦᠢᠯᠡᠴᠢᠯᠡᠭᠡ ᠶᠢᠨ ᠲᠤᠬᠠᠶ ᠤᠯᠠᠮ ᠣᠯᠠᠨ ᠤᠶᠢᠯᠠᠭᠠᠶ᠎ᠠ ᠭᠡᠵᠦ ᠪᠣᠳᠣᠵᠤ | ᠪᠠᠶᠢᠪᠠᠯ ᠴᠠᠭ ᠲᠤᠬᠠᠶ ᠳᠤ ᠨᠢ ᠭᠡᠷ ᠬᠤᠷᠢᠶᠠᠯᠠᠯ ᠤᠨ ᠠᠵᠢᠯᠲᠠᠨ ᠲᠠᠢ ᠬᠠᠷᠢᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠪᠦᠭᠦᠳᠡᠭᠡᠷ ᠢᠶᠠᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠡᠷᠡᠭᠦᠯ ᠮᠡᠨᠳᠦ ᠳᠤ ᠬᠦᠴᠦ ᠨᠡᠮᠡᠶ᠎ᠡ︕ | | | | | | |