ᠣᠶᠢᠷ᠎ᠠ ᠳᠤ᠂ ᠸᠠᠨ ᠺᠧ ᠶᠢᠨ ᠬᠤᠶᠠᠳᠤᠭᠠᠷ ᠬᠤᠭᠤᠴᠠᠭᠠᠨ ᠤ ᠰᠠᠭᠤᠭᠠᠯᠢ ᠠᠷᠠᠳ ᠭᠡᠷ ᠬᠤᠷᠢᠶᠠᠯᠠᠯ ᠳᠤ | ᠲᠤᠰᠬᠠᠭᠰᠠᠨ ᠢᠶᠠᠷ᠂ ᠰᠠᠭᠤᠭᠠᠯᠢ ᠠᠷᠠᠳ ᠤᠨ ᠲᠣᠭᠤᠷᠢᠭ ᠤᠨ ᠭᠠᠵᠠᠷ ᠳᠤᠤᠷᠠᠬᠢ ᠲᠡᠷᠭᠡᠨ ᠪᠠᠶᠢᠷᠢ ᠶᠢᠨ ᠥᠨᠴᠥᠭ | ᠪᠤᠯᠤᠩ ᠣᠷᠳᠣ ᠬᠤᠭᠤᠴᠠᠭ᠎ᠠ ᠪᠠᠷ ᠴᠠᠭᠠᠰᠤᠨ ᠬᠠᠯᠢᠰᠤ᠂ ᠰᠦᠯᠢᠶᠣᠣ ᠯᠣᠩᠬᠤ ᠵᠡᠷᠭᠡ ᠬᠠᠶᠠᠭᠳᠠᠮᠠᠯ ᠪᠣᠳᠠᠰ ᠲᠤ | ᠡᠵᠡᠯᠡᠭᠳᠡᠵᠦ᠂ ᠲᠡᠷᠭᠡ ᠬᠥᠰᠬᠡ ᠨᠡᠪᠲᠡᠷᠡᠬᠦ ᠶᠢ ᠨᠥᠯᠥᠭᠡᠯᠡᠵᠦ ᠪᠠᠶᠢᠬᠤ ᠮᠥᠷᠲᠡᠭᠡᠨ ᠵᠣᠨ ᠤ ᠤᠯᠠᠷᠢᠯ ᠤᠨ ᠥᠨᠳᠥᠷ | ᠬᠠᠯᠠᠭᠤᠨ ᠳᠤ ᠪᠠᠰᠠ ᠰᠣᠨᠢᠨ ᠦᠨᠦᠷ ᠭᠠᠷᠴᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠪᠠ ᠣᠷᠴᠢᠨ | ᠠᠬᠤᠶ ᠶᠢᠨ ᠡᠷᠡᠭᠦᠯ ᠬᠠᠮᠠᠭᠠᠯᠠᠯ ᠤᠨ ᠬᠦᠨᠳᠦ ᠨᠣᠴᠢᠲᠠᠶ ᠳᠠᠯᠳᠠ ᠬᠡᠮ ᠣᠷᠣᠰᠢᠵᠤ ᠪᠠᠶᠢᠨ᠎ᠠ᠃ ᠠᠳᠠᠯ ᠠᠬᠤᠶ ᠣᠯᠠᠨ | ᠤᠳᠠᠭ᠎ᠠ ᠬᠡᠷ ᠲᠤᠨᠢ ᠬᠦᠷᠴᠦ ᠢᠳᠬᠠᠭᠠᠳ ᠦᠷ᠎ᠡ ᠳ᠋ᠦᠩ ᠭᠠᠷᠤᠭᠰᠠᠨ ᠥᠬᠡᠶ ᠠᠴᠠ ᠪᠣᠯᠵᠣ ᠠᠰᠠᠭᠤᠳᠠᠯ ᠨᠢ《 | ᠴᠡᠭᠴᠡᠯᠡᠨ ᠰᠠᠶᠢᠵᠢᠷᠠᠭᠤᠯᠬᠤ ᠳᠤ ᠬᠦᠴᠢᠷᠲᠡᠶ᠂ ᠠᠮᠠᠷᠬᠠᠨ ᠳᠠᠬᠢᠨ ᠡᠭᠦᠰᠬᠦ 》ᠬᠥᠰᠢᠭᠦᠨ ᠪᠠᠶᠢᠳᠠᠯ ᠳᠤ ᠣᠷᠣᠪᠠ᠃ | ᠸᠠᠨ ᠺᠧ ᠭᠡᠷ ᠬᠤᠷᠢᠶᠠᠯᠠᠯ ᠤᠨ ᠠᠵᠢᠯᠲᠠᠨ ᠪᠠᠶᠠᠨᠰᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ | ᠴᠠᠭᠳᠠᠭ᠎ᠠ ᠲᠠᠢ ᠬᠤᠯᠪᠣᠭᠠᠯᠠᠨ《 ᠴᠠᠭᠳᠠᠭ᠎ᠠ ᠭᠡᠷ ᠬᠤᠷᠢᠶᠠᠯᠠᠯ ᠬᠠᠮᠲᠤᠷᠠᠨ ᠬᠥᠳᠡᠯᠦᠯᠴᠡᠬᠦ 》ᠲᠣᠭᠲᠠᠴᠠ ᠶᠢ | ᠦᠳᠲᠡᠷ ᠲᠦᠷᠭᠡᠨ ᠡᠬᠢᠯᠡᠭᠦᠯᠵᠦ᠂《ᠤᠨᠤᠪᠴᠢᠲᠠᠢ ᠪᠠᠷ ᠰᠤᠷᠪᠤᠯᠵᠢᠯᠠᠬᠤ᠂ ᠬᠠᠤᠯᠢ ᠵᠦᠶ ᠶᠢ ᠲᠦᠭᠡᠮᠡᠯᠵᠢᠭᠦᠯᠬᠦ᠂ | ᠰᠡᠳᠬᠢᠯ ᠢ ᠳᠤᠯᠠᠭᠠᠴᠠᠭᠤᠯᠤᠨ ᠲᠡᠳᠬᠦᠬᠦ 》ᠭᠤᠷᠪᠠᠨ ᠠᠯᠬᠤᠮ ᠢᠶᠠᠷ ᠡᠷᠦᠬᠡ ᠳᠤ ᠬᠦᠷᠴᠦ ᠪᠠᠶᠢᠳᠠᠯ ᠢ ᠤᠶᠢᠯᠠᠭᠠᠨ᠂ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ | | | | ᠭᠡᠷ ᠬᠤᠷᠢᠶᠠᠯᠠᠯ ᠤᠨ ᠠᠵᠢᠯᠲᠠᠨ ᠪᠣᠯᠤᠨ ᠬᠠᠷᠢᠶ᠎ᠠ ᠲᠣᠭᠤᠷᠢᠭ ᠤᠨ ᠠᠷᠠᠳ ᠤᠨ ᠴᠠᠭᠳᠠᠭ᠎ᠠ《 ᠵᠣᠭᠤᠭ | ᠳᠡᠯᠭᠡᠬᠦ 》ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠰ ᠡᠷᠦᠬᠡ ᠶᠢᠨ ᠰᠠᠭᠤᠭᠠᠯᠢ ᠠᠷᠠᠳ ᠤᠨ ᠪᠣᠳᠠᠲᠤ ᠪᠠᠶᠢᠳᠠᠯ ᠢ | ᠭᠦᠨᠵᠡᠭᠡᠶ ᠣᠶᠢᠯᠠᠭᠠᠵᠤ᠂ ᠬᠠᠶᠠᠭᠳᠠᠮᠠᠯ ᠡᠳ᠋ ᠲᠡᠭᠦᠬᠦ ᠪᠣᠯ ᠲᠡᠭᠦᠨ ᠤ ᠠᠮᠢᠳᠤᠷᠠᠯ ᠢᠶᠠᠨ ᠠᠷᠭᠠᠴᠠᠬᠤ ᠳᠠᠳᠬᠠᠯ ᠪᠣᠯᠬᠤ | ᠪᠥᠭᠡᠳ ᠪᠠᠰᠠ ᠭᠠᠭᠴᠠᠭᠠᠷᠳᠠᠯ ᠢ ᠠᠷᠢᠯᠭᠠᠬᠤ ᠶᠢᠨ ᠨᠠᠶᠢᠳᠠᠯᠭ᠎ᠠ ᠪᠣᠯᠤᠨ᠎ᠠ᠃ ᠠᠵᠢᠯᠲᠠᠳ ᠡᠩ ᠲᠡᠷᠢᠭᠦᠨ ᠳᠤ | ᠨᠠᠰᠤᠲᠠᠨ ᠤ《 ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ 》ᠰᠢᠯᠢᠳᠡᠭ ᠵᠠᠩ ᠴᠢᠨᠠᠷ ᠢ ᠨᠤᠲᠠᠯᠠᠵᠤ᠂ ᠳᠠᠷᠠᠭ᠎ᠠ ᠨᠢ | ᠣᠶᠢᠷ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠶᠠᠭᠳᠠᠮᠠᠯ ᠪᠣᠳᠠᠰ ᠤᠪᠤᠭᠠᠯᠠᠵᠤ ᠪᠠᠶᠢᠭ᠎ᠠ | ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠬᠡᠮ ᠢ ᠨᠠᠰᠤᠲᠠᠨ ᠳᠤ ᠨᠠᠷᠢᠨ ᠲᠠᠶᠢᠯᠪᠤᠷᠢᠯᠠᠵᠤ᠂ ᠤᠶᠠᠨ | ᠬᠠᠲᠠᠨ ᠢᠶᠠᠷ ᠨᠡᠪᠲᠡᠷᠡᠯᠴᠡᠬᠦ ᠪᠠᠷ ᠳᠡᠮᠵᠢᠨ᠂ ᠨᠠᠰᠤᠲᠠᠨ ᠤ ᠳᠤᠷ᠎ᠠ ᠦᠭᠡᠶᠢᠴᠡᠬᠦ ᠰᠡᠳᠬᠢᠯᠭᠡ ᠶᠢ ᠠᠯᠬᠤᠮ | ᠠᠯᠬᠤᠮ ᠢᠶᠠᠷ ᠠᠷᠢᠯᠭᠠᠨ᠎ᠠ᠃ ᠡᠭᠦᠨ ᠤ ᠬᠠᠮᠲᠤ᠂ ᠠᠵᠢᠯᠲᠠᠳ ᠨᠠᠰᠤᠲᠠᠨ ᠳᠤ ᠬᠤᠷᠢᠶᠠᠯᠠᠯ ᠤᠨ ᠤᠶᠤᠨᠲᠤ | ᠬᠠᠶᠠᠭᠳᠠᠮᠠᠯ ᠡᠳ᠋ ᠢ ᠬᠤᠷᠢᠶᠠᠨ ᠠᠪᠬᠤ ᠥᠷᠲᠡᠭᠡ ᠪᠠᠨ ᠬᠡᠷᠡᠭᠯᠡᠵᠦ ᠬᠠᠶᠠᠭᠳᠠᠮᠠᠯ ᠡᠳ᠋ ᠢ ᠲᠥᠷᠥᠯ ᠬᠤᠪᠢᠶᠠᠨ | ᠬᠤᠷᠢᠶᠠᠵᠤ ᠠᠪᠬᠤ ᠳᠤ ᠪᠠᠨ ᠵᠢᠯᠤᠭᠤᠳᠤᠯᠭ᠎ᠠ ᠬᠢᠵᠦ ᠦᠭᠪᠡ᠃ ᠬᠦᠯᠢᠴᠡᠩᠭᠦᠶ ᠪᠠᠷ ᠬᠠᠷᠢᠯᠴᠠᠬᠤ ᠪᠠᠷ ᠳᠡᠮᠵᠢᠨ᠂ | ᠬᠤᠶᠠᠷ ᠨᠠᠰᠤᠲᠠᠨ ᠥᠪᠡᠷ ᠤᠨ ᠦᠢᠯᠡ ᠠᠵᠢᠯᠯᠠᠭ᠎ᠠ ᠨᠢ ᠬᠥᠷᠰᠢ ᠰᠠᠭᠠᠬᠠᠯᠲᠠ ᠳᠠᠭᠠᠨ ᠠᠪᠴᠢᠷᠠᠭᠰᠠᠨ ᠶᠠᠷᠰᠢᠭ ᠢ | ᠲᠠᠨᠢᠵᠤ᠂ ᠬᠤᠶᠢᠰᠢᠳᠠ ᠭᠡᠷ ᠬᠤᠷᠢᠶᠠᠯᠠᠯ ᠤᠨ ᠠᠵᠢᠯ ᠢ ᠢᠳᠡᠪᠬᠢᠲᠡᠶ ᠳᠡᠮᠵᠢᠨ᠎ᠡ ᠭᠡᠵᠦ ᠲᠣᠳᠣᠷᠬᠠᠶ ᠢᠯᠡᠷᠬᠡᠶᠢᠯᠡᠵᠡᠶ᠃ | ᠲᠣᠰ ᠤᠳᠠᠭᠠᠨ ᠤ《 ᠬᠠᠶᠠᠭᠳᠠᠮᠠᠯ ᠪᠣᠳᠠᠰ ᠤᠪᠤᠭᠠᠯᠠᠬᠤ 》ᠪᠡᠷᠬᠡ ᠰᠡᠳᠦᠪ ᠢ ᠰᠢᠢᠳᠪᠦᠷᠢᠯᠡᠭᠰᠡᠨ ᠶᠠᠪᠤᠳᠠᠯ | ᠪᠣᠯ ᠸᠠᠨ ᠺᠧ ᠭᠡᠷ ᠬᠤᠷᠢᠶᠠᠯᠠᠯ ᠤᠨ《 ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ᠂ ᠣᠯᠠᠨ ᠲᠠᠯ᠎ᠠ ᠪᠠᠷ | ᠬᠠᠮᠵᠢᠯᠴᠠᠬᠤ 》ᠵᠠᠰᠠᠯᠲᠠ ᠶᠢᠨ ᠵᠠᠭᠪᠤᠷ ᠤᠨ ᠠᠮᠵᠢᠯᠲᠠ ᠲᠠᠢ ᠦᠢᠯᠡᠳᠦᠯᠭᠡ ᠮᠥᠨ᠃ ᠣᠨᠴᠠᠭᠠᠶ ᠬᠠᠮᠲᠤᠯᠢᠭ ᠢ | ᠵᠠᠰᠠᠬᠤ ᠪᠡᠷᠬᠡ ᠠᠰᠠᠭᠤᠳᠠᠯ ᠳᠤ ᠬᠠᠨᠳᠤᠬᠤ ᠳᠠᠭᠠᠨ《 ᠬᠠᠤᠯᠢ ᠶᠣᠰᠣ 》 ᠶᠢ ᠯᠠ ᠶᠠᠷᠢᠭᠠᠳ《 ᠶᠣᠰᠣ | ᠤᠴᠢᠷ》 ᠢ ᠡᠷᠬᠢᠮᠯᠡᠬᠦ ᠥᠬᠡᠶ ᠪᠠᠶᠢᠵᠤ ᠪᠣᠯᠬᠤ ᠥᠬᠡᠶ᠃ ᠭᠠᠭᠴᠠ ᠬᠦ《 ᠰᠡᠳᠬᠢᠯ 》 ᠢᠶᠠᠷ ᠬᠡᠷᠡᠭᠴᠡᠭᠡ ᠶᠢ | ᠰᠣᠨᠣᠰᠴᠤ᠂《 ᠬᠠᠶᠢᠷ᠎ᠠ 》 ᠪᠠᠷ ᠵᠥᠷᠢᠴᠡᠯ ᠢ ᠰᠢᠢᠳᠪᠦᠷᠢᠯᠡᠵᠦ᠂《 ᠬᠦᠴᠦᠨ 》 ᠢᠶᠠᠷ ᠠᠰᠠᠭᠤᠳᠠᠯ ᠢ | ᠰᠢᠢᠳᠪᠦᠷᠢᠯᠡᠪᠡᠯ ᠰᠠᠶ᠋ᠢ ᠠᠵᠢᠯ ᠢ ᠤᠯᠠᠠ ᠲᠦᠮᠡᠨ ᠤ ᠰᠡᠳᠬᠢᠯ ᠳᠤ ᠬᠠᠳᠠᠩᠰᠢᠭᠤᠯᠵᠤ ᠴᠢᠳᠠᠨ᠎ᠠ᠃ ᠲᠠᠷᠠᠭᠠᠴᠢ ᠪᠠᠷ᠂ | ᠸᠠᠨ ᠺᠧ ᠭᠡᠷ ᠬᠤᠷᠢᠶᠠᠯᠠᠯ《 ᠴᠠᠭᠳᠠᠭ᠎ᠠ ᠭᠡᠷ ᠬᠤᠷᠢᠶᠠᠯᠠᠯ ᠬᠤᠯᠪᠣᠭᠠᠯᠠᠨ ᠬᠥᠳᠡᠯᠦᠯᠴᠡᠬᠦ 》᠂《 ᠠᠳᠠᠯ ᠠᠬᠤᠢ | ᠬᠤᠯᠪᠣᠭᠠᠯᠠᠨ ᠬᠠᠮᠢᠶᠠᠷᠬᠤ 》ᠵᠡᠷᠭᠡ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ《 | ᠪᠠᠴᠢᠮ ᠬᠦᠴᠢᠷ ᠵᠣᠪᠠᠨ ᠰᠠᠨᠠᠭᠠᠰᠢᠷᠠᠵᠤ ᠬᠦᠰᠡᠨ ᠡᠷᠡᠮᠡᠯᠵᠡᠵᠦ ᠪᠠᠶᠢᠬᠤ 》 ᠳᠤ ᠠᠩᠬᠠᠷᠤᠯ ᠢᠶᠠᠨ ᠲᠥᠪᠯᠡᠷᠡᠭᠦᠯᠵᠦ᠂ | 《 ᠪᠠᠭ᠎ᠠ ᠠᠮᠠ 》 ᠪᠠᠷ《 ᠶᠡᠭᠡ ᠬᠤᠪᠢᠷᠠᠯᠲᠠ 》 ᠶᠢ ᠠᠬᠢᠭᠤᠯᠵᠤ᠂ ᠬᠠᠯᠠᠭᠤᠨ ᠳᠤᠯᠠᠭᠠᠨ᠂ ᠠᠮᠢᠵᠢᠷᠠᠯ ᠤᠨ | ᠬᠦᠴᠦᠨ ᠲᠠᠢ ᠵᠣᠯ ᠵᠢᠷᠭᠠᠯᠲᠤ ᠭᠡᠷ ᠬᠤᠷᠢᠶᠠᠯᠠᠯ ᠢ ᠪᠠᠶᠢᠭᠤᠯᠤᠨ᠎ᠠ᠃ | | | |